ᠠᠰᠠᠷ ᠤᠨ ᠭᠤᠳᠤᠮᠵᠢᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠣᠭᠰᠤᠭᠠᠬᠤ ᠶᠢ ᠴᠠᠭᠠᠵᠠᠯᠠᠬᠤ ᠲᠤᠬᠠᠢ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2024/3/2
ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ᠄       ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠨᠢ ᠪᠢᠳᠡᠨ ᠤ ᠭᠠᠳᠠᠭᠰᠢ ᠭᠠᠷᠬᠤ ᠳᠤ ᠲᠥᠬᠦᠮ ᠦᠵᠡᠭᠦᠯᠳᠡᠭ᠂ ᠭᠡᠪᠡᠴᠦ ᠵᠣᠬᠢᠰ ᠦᠭᠡᠢ ᠭᠠᠵᠠᠷ ᠲᠤ ᠵᠣᠭᠰᠣᠭᠠᠵᠤ ᠭᠠᠯ ᠤᠨ ᠠᠶᠤᠯ ᠭᠠᠷᠪᠠᠯ᠂ ᠪᠢᠳᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠦᠨᠳᠦ ᠨᠣᠴᠢᠲᠠᠢ ᠰᠦᠷᠳᠡᠭᠦᠯᠬᠦ ᠪᠣᠯᠣᠨ᠎ᠠ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠠᠮᠢ ᠨᠠᠰᠤ ᠶᠢ ᠬᠤᠬᠢᠷᠠᠭᠤᠯᠬᠤ ᠳᠤ ᠵᠥᠪᠬᠡᠨ 90 ᠰᠧᠺᠦ᠋ᠨ᠋ᠳ᠋ ᠬᠡᠷᠡᠭᠰᠡᠨ᠎ᠡ᠂ ᠬᠡᠷᠪᠡ ᠭᠠᠯ ᠭᠠᠷᠪᠠᠯ ᠂ 90 ᠰᠧᠺᠦ᠋ᠨ᠋ᠳ᠋ ᠳᠣᠲᠣᠷ᠎ᠠ ᠳᠤᠯᠠᠭᠠᠨ ᠤ ᠬᠡᠮᠵᠢᠶ᠎ᠡ ᠨᠢ ᠳᠠᠷᠤᠢ 200℃ ᠬᠦᠷᠳᠡᠭ᠃ ᠨᠢᠭᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠰᠢᠲᠠᠬᠤ ᠳᠤ ᠡᠭᠦᠰᠬᠡᠬᠦ ᠬᠤᠣᠷᠲᠤ ᠬᠡᠢ ᠨᠢ ᠵᠠᠭᠤ ᠭᠠᠷᠤᠢ ᠬᠥᠮᠥᠨ ᠢ ᠪᠦᠲᠡᠩᠰᠡᠭᠦᠯᠦᠨ ᠦᠬᠦᠭᠦᠯᠳᠡᠭ᠃ 2024 ᠣᠨ ᠤ 2 ᠰᠠᠷ᠎ᠠ ᠶᠢᠨ 23᠎ ᠤ ᠡᠳᠦᠷ ᠨᠠᠨᠵᠢᠩ ᠬᠤᠲᠠ ᠶᠢᠨ ᠢᠦᠢ ᠬᠤᠸᠠ ᠲᠠᠢ ᠲᠣᠭᠤᠷᠢᠭ ᠤᠨ ᠮᠢᠩ ᠱᠠᠩ ᠰᠢ ᠶᠤᠸᠠᠨ ᠰᠠᠭᠤᠭᠠᠯᠢ ᠲᠣᠭᠤᠷᠢᠭ ᠤᠨ ᠭᠠᠵᠠᠷ ᠳᠡᠭᠡᠷᠡᠬᠢ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠲᠠᠯᠪᠢᠬᠤ ᠭᠠᠵᠠᠷ ᠲᠤ ᠭᠠᠯ ᠭᠠᠷᠴᠤ᠂ 15 ᠬᠥᠮᠥᠨ ᠦᠬᠦᠵᠦ᠂ 44 ᠬᠥᠮᠥᠨ ᠰᠢᠷᠬᠠᠳᠤᠪᠠ᠃ ᠡᠨᠡ ᠨᠢ ᠭᠠᠯ ᠢ ᠰᠡᠷᠭᠡᠶᠢᠯᠡᠬᠦ ᠠᠮᠤᠷ ᠲᠦᠪᠰᠢᠨ ᠤ ᠲᠤᠯᠭᠠᠮ᠎ᠠ ᠴᠢᠨᠠᠷ ᠪᠠ ᠴᠢᠬᠤᠯᠠ ᠴᠢᠨᠠᠷ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠲᠡᠢ ᠭᠡᠳᠡᠭ ᠢ ᠪᠢᠳᠡᠨ ᠳᠤ ᠰᠡᠷᠡᠮᠵᠢᠯᠡᠭᠦᠯᠵᠦ ᠪᠠᠶᠢᠨ᠎ᠠ᠃ ᠡᠶᠢᠮᠦ ᠠᠴᠠ᠂ ᠥᠷᠭᠡᠨ ᠤᠯᠠᠨ ᠰᠠᠭᠤᠭᠠᠯᠢ ᠠᠷᠠᠳ ᠲᠤ ᠣᠨᠴᠠᠭᠠᠶᠢᠯᠠᠨ ᠪᠠᠴᠢᠮ ᠮᠡᠳᠡᠭᠳᠡᠬᠦ ᠨᠢ᠄       1. ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠰᠠᠷ ᠲᠠᠬᠢ ᠠᠰᠠᠷ ᠤᠨ ᠱᠠᠲᠤ ᠶᠢᠨ ᠬᠤᠭᠤᠷᠣᠨᠳᠤ᠂ ᠠᠰᠠᠷ ᠲᠤ ᠭᠠᠷᠬᠤ ᠵᠠᠮ ᠵᠡᠷᠭᠡ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠭᠠᠯ ᠤᠨᠲᠠᠷᠠᠭᠠᠬᠤ ᠲᠡᠷᠭᠡ ᠶᠢᠨ ᠵᠠᠮ ᠵᠢᠴᠢ ᠲᠡᠭᠦᠨ ᠤ ᠬᠤᠶᠠᠷ ᠬᠠᠵᠠᠭᠤ ᠶᠢᠨ ᠨᠡᠪᠲᠡᠷᠡᠬᠦ ᠶᠢ ᠨᠥᠯᠥᠭᠡᠯᠡᠬᠦ ᠭᠠᠵᠠᠷ ᠣᠷᠣᠨ ᠳᠤ ᠵᠣᠭᠰᠣᠭᠠᠵᠤ ᠪᠣᠯᠬᠤ ᠦᠭᠡᠢ᠃       2. ᠭᠡᠷ ᠲᠡᠭᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠦᠭᠡᠢ᠂ ᠡᠷᠬᠡᠪᠰᠢ ᠤᠤᠯ ᠤᠨ ᠦᠢᠯᠡᠳᠪᠦᠷᠢ ︵ᠤᠤᠯ ᠤᠨ ᠲᠣᠬᠢᠷᠠᠭᠤᠯᠤᠭᠰᠠᠨ︶᠎ ᠶᠢᠨ ᠴᠠᠬᠢᠯᠭᠠᠨ ᠴᠡᠨᠡᠭᠯᠡᠭᠦᠷ ᠢᠶᠠᠷ ᠴᠠᠬᠢᠯᠭᠠᠨ ᠴᠡᠨᠡᠭᠯᠡᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠬᠦ ᠴᠢᠬᠤᠯᠠᠲᠠᠢ ᠠᠶᠢᠯ ᠡᠷᠦᠬᠡ᠂ ᠭᠡᠷ ᠤᠨ ᠭᠠᠳᠠᠨᠠᠬᠢ ᠴᠠᠬᠢᠯᠭᠠᠨ ᠴᠡᠨᠡᠭᠯᠡᠬᠦ ᠲᠥᠬᠦᠭᠡᠷᠦᠮᠵᠢ ᠳᠤ ᠴᠠᠬᠢᠯᠭᠠᠨ ᠴᠡᠨᠡᠭᠯᠡᠵᠦ᠂ ᠣᠷᠳᠣ ᠬᠤᠭᠤᠴᠠᠭ᠎ᠠ ᠪᠠᠷ ᠬᠡᠲᠦᠷᠡᠲᠡᠯ᠎ᠡ ᠴᠠᠬᠢᠯᠭᠠᠨ ᠴᠡᠨᠡᠭᠯᠡᠬᠦ ᠠᠴᠠ ᠵᠠᠶᠢᠯᠠᠰᠬᠢᠬᠦ ᠬᠡᠷᠡᠭᠲᠡᠢ᠃ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠤᠶᠤ ᠲᠡᠭᠦᠨ ᠤ ᠬᠡᠯᠬᠢᠶ᠎ᠡ ᠳ᠋ᠢᠶᠠᠨ ᡂᠢ ᠶᠢ ᠠᠪᠴᠤ ᠠᠶᠠᠨᠴᠢᠳ ᠤᠨ ᠴᠠᠬᠢᠯᠭᠠᠨ ᠱᠠᠲᠤᠨ ᠳᠤ ᠣᠷᠣᠬᠤ ᠶᠢ ᠴᠠᠭᠠᠵᠠᠯᠠᠨ᠎ᠠ᠃       3. ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠳᠤᠷ᠎ᠠ ᠪᠠᠷ ᠢᠶᠠᠨ ᠥᠭᠡᠷᠡᠴᠢᠯᠡᠨ ᠤᠭᠰᠠᠷᠠᠵᠤ ᠪᠣᠯᠬᠤ ᠦᠭᠡᠢ᠂ ᠲᠣᠭᠲᠠᠭᠠᠯ ᠠᠴᠠ ᠵᠥᠷᠢᠴᠡᠨ ᠲᠠᠭᠤ ᠴᠢᠮᠡᠭᠡ᠂ ᠭᠡᠷᠡᠯᠲᠦᠭᠦᠯᠭᠡ ᠶᠢᠨ ᠲᠥᠬᠦᠭᠡᠷᠦᠮᠵᠢ ᠵᠡᠷᠭᠡ ᠶᠢ ᠨᠡᠮᠡᠵᠦ ᠤᠭᠰᠠᠷᠠᠬᠤ ᠨᠢ  ᠴᠠᠬᠢᠯᠭᠠᠨ ᠱᠤᠭᠤᠮ ᠤᠨ ᠳᠠᠭᠠᠭᠠᠴᠠ ᠠᠴᠠ ᠠᠮᠠᠷᠬᠠᠨ ᠬᠡᠲᠦᠷᠡᠵᠦ᠂ ᠤᠤᠯ ᠦᠢᠯᠡᠳᠪᠦᠷᠢ ᠶᠢᠨ ᠪᠣᠰᠤ ᠳᠠᠭᠠᠯᠲᠠ ᠲᠣᠨᠤᠭ ᠨᠢ ᠭᠠᠯ ᠤᠨ ᠠᠶᠤᠯ ᠡᠭᠦᠰᠬᠡᠭᠰᠡᠨ ᠰᠢᠯᠲᠠᠭᠠᠨ ᠪᠣᠯᠬᠤ ᠶᠤᠮ᠃       4. ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠡᠷᠬᠢᠨ ᠲᠣᠭᠤᠷᠢᠨ ᠳᠤ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠲᠠᠯᠪᠢᠬᠤ ᠪᠤᠶᠤ ᠢᠯᠡ ᠭᠠᠯ ᠬᠡᠷᠡᠭᠯᠡᠵᠦ ᠪᠣᠯᠬᠤ ᠦᠭᠡᠢ᠃      ᠬᠡᠷᠪᠡ ᠲᠣᠭᠲᠠᠭᠠᠯ ᠠᠴᠠ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ︵ᠵᠠᠳᠠᠯᠵᠤ ᠪᠠᠭᠤᠯᠭᠠᠵᠤ ᠪᠣᠯᠬᠤ ᠴᠠᠬᠢᠯᠭᠠᠨ ᠴᠡᠨᠡᠭᠯᠡᠭᠦᠷ ᠪᠠᠭᠲᠠᠨ᠎ᠠ︶᠎ ᠳᠤ ᠴᠠᠬᠢᠯᠭᠠᠨ ᠴᠡᠨᠡᠭᠯᠡᠬᠦ ᠶᠢ ᠵᠣᠭᠰᠣᠭᠠᠭᠰᠠᠨ ᠪᠤᠶᠤ ᠲᠣᠭᠲᠠᠭᠠᠯ ᠠᠴᠠ ᠵᠥᠷᠢᠴᠡᠨ ᠵᠣᠭᠰᠣᠭᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠳᠣᠣᠷᠠᠬᠢ ᠮᠡᠲᠦ ᠰᠢᠢᠳᠬᠡᠯ ᠥᠭᠭᠦᠨ᠎ᠡ᠄      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠤᠯᠢ︾᠎ ᠶᠢᠨ ᠵᠢᠷᠠᠨ ᠳᠥᠷᠪᠡᠳᠦᠭᠡᠷ ᠵᠦᠢᠯ ᠳᠤ᠄ ᠠᠳᠡᠯ ᠠᠴᠠ ᠪᠣᠯᠵᠤ ᠭᠠᠯ ᠭᠠᠷᠤᠭᠰᠠᠨ ᠪᠣᠯᠪᠠᠴᠤ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ᠂ ᠠᠷᠪᠠᠨ ᠡᠳᠦᠷ ᠠᠴᠠ ᠳᠡᠭᠡᠭᠰᠢ ᠠᠷᠪᠠᠨ ᠲᠠᠪᠤᠨ ᠡᠳᠦᠷ ᠠᠴᠠ ᠳᠣᠷᠣᠭᠰᠢ ᠲᠦᠷ ᠬᠤᠷᠢᠬᠤ ᠪᠠᠷ ᠰᠢᠢᠳᠬᠡᠵᠦ᠂ ᠲᠠᠪᠤᠨ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠬᠡᠵᠦ ᠪᠣᠯᠣᠨ᠎ᠠ︔ ᠥᠢᠯᠡ ᠪᠠᠶᠢᠳᠠᠯ ᠨᠢ ᠬᠥᠩᠭᠡᠨ ᠪᠠᠶᠢᠪᠠᠯ ᠳᠣᠩᠭᠤᠳᠬᠤ ᠪᠤᠶᠤ ᠲᠠᠪᠤᠨ ᠵᠠᠭᠤᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠬᠦᠨᠳᠦ ᠨᠣᠴᠢᠲᠠᠢ ᠤᠷᠰᠢᠭ ᠲᠠᠲᠠᠵᠤ᠂ ᠭᠠᠯ ᠠᠯᠳᠠᠭᠰᠠᠨ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ︽ᠡᠷᠡᠭᠦᠦ ᠶᠢᠨ ᠬᠠᠤᠯᠢ︾᠎ ᠶᠢᠨ ᠶᠣᠰᠣᠭᠠᠷ ᠭᠤᠷᠪᠠᠨ ᠵᠢᠯ ᠠᠴᠠ ᠳᠣᠷᠣᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠥᠳᠡᠯᠮᠦᠷᠢᠯᠡᠭᠦᠯᠬᠦ ᠪᠠᠷ ᠰᠢᠢᠳᠬᠡᠵᠦ ᠪᠣᠯᠣᠨ᠎ᠠ︔ ᠦᠢᠯᠡ ᠪᠠᠶᠢᠳᠠᠯ ᠨᠢ ᠣᠨᠴᠠᠭᠠᠶ ᠬᠦᠨᠳᠦ ᠨᠣᠴᠢᠲᠠᠢ ᠪᠠᠶᠢᠪᠠᠯ᠂ 3 - 7 ᠵᠢᠯ ᠤᠨ ᠬᠤᠭᠤᠴᠠᠭ᠎ᠠ ᠲᠠᠢ ᠬᠤᠷᠢᠬᠤ ᠶᠠᠯ᠎ᠠ ᠪᠠᠷ ᠰᠢᠢᠳᠬᠡᠨ᠎ᠡ᠃       ︽ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠬᠠᠮᠢᠶᠠᠷᠤᠯᠲᠠ ᠶᠢᠨ ᠲᠣᠭᠲᠠᠭᠠᠯ︾᠎ ᠤᠨ ᠳᠥᠴᠢᠨ ᠳᠣᠯᠣᠳᠤᠭᠠᠷ ᠵᠦᠢᠯ ᠳᠤ᠄ ᠠᠷᠠᠳ ᠤᠨ ᠬᠡᠷᠡᠭᠯᠡᠭᠡᠨ ᠤ ᠥᠨᠳᠥᠷ ᠪᠠᠷᠢᠯᠭ᠎ᠠ ᠶᠢᠨ ᠤᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤᠨ ᠤ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠵᠣᠭᠰᠣᠭᠠᠬᠤ ᠪᠤᠶᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠭᠰᠡᠨ ᠪᠠᠶᠢᠪᠠᠯ᠂ ᠡᠵᠡᠩᠨᠡᠯᠲᠡ ᠶᠢᠨ ᠴᠢᠨᠠᠷᠲᠠᠢ ᠨᠢᠭᠡᠴᠡ ᠪᠠ ᠬᠤᠪᠢ ᠬᠥᠮᠥᠨ ᠢ 2000 ᠲᠥᠭᠦᠷᠢᠭ ᠠᠴᠠ ᠳᠡᠭᠡᠭᠰᠢ 10000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠡᠵᠡᠩᠨᠡᠯᠲᠡ ᠶᠢᠨ ᠪᠤᠰᠤ ᠴᠢᠨᠠᠷᠲᠠᠢ ᠨᠢᠭᠡᠴᠡ ᠪᠠ ᠬᠤᠪᠢ ᠬᠥᠮᠥᠨ ᠢ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ ᠪᠣᠯᠣᠨ᠎ᠠ ᠭᠡᠵᠦ ᠲᠣᠭᠲᠠᠭᠠᠪᠠ᠃                    ᠰᠢᠨ᠎ᠡ ᠪᠠᠷᠭᠤ ᠪᠠᠷᠠᠭᠤᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ                                       2024 ᠣᠨ ᠤ 3 ᠰᠠᠷ᠎ᠠ ᠶᠢᠨ 1᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ