ᠬᠡᠷᠦᠯᠦᠨ ᠰᠤᠮᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/20
      3 ᠰᠠᠷ᠎ᠠ ᠶᠢᠨ 19᠎ ᠤ ᠡᠳᠦᠷ᠂ ᠬᠡᠷᠦᠯᠦᠨ ᠰᠤᠮᠤ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠣᠮᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠭᠤᠷᠪᠠᠨ ᠱᠠᠲᠤᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠠᠷᠢᠶ᠎ᠠ ᠣᠷᠣᠨ ᠤ ᠡᠯ᠎ᠡ ᠬᠤᠷᠢᠶ᠎ᠠ᠂ ᠭᠠᠵᠠᠷ ᠤᠨ ᠬᠠᠷᠢᠭᠤᠴᠠᠯᠭᠠᠲᠠᠨ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠎ ᠶᠢᠨ ᠨᠠᠮ ᠤᠨ ᠡᠭᠦᠷ ᠤᠨ ᠱᠦᠵᠢ ᠵᠢᠴᠢ ᠰᠣᠮᠣᠨ ᠤ ᠺᠠᠳ᠋ᠷ ᠠᠵᠢᠯᠲᠠᠨ 50 ᠭᠠᠷᠤᠢ ᠬᠥᠮᠥᠨ ᠬᠤᠷᠠᠯ ᠳᠤ ᠣᠷᠣᠯᠴᠠᠵᠤ᠂ ᠬᠤᠷᠠᠯ ᠢ ᠰᠣᠮᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠣᠮᠣᠨ ᠳᠠᠷᠤᠭ᠎ᠠ ᠨᠠᠷᠠᠰᠤ ᠡᠷᠭᠢᠯᠡᠪᠡ᠃
3.20克尔伦1.jpg
      ᠬᠤᠷᠠᠯ ᠳᠡᠭᠡᠷ᠎ᠡ᠂ ᠨᠠᠷᠠᠰᠤ ᠬᠡᠷᠦᠯᠦᠨ ᠰᠣᠮᠣ ᠶᠢᠨ ᠪᠣᠳᠠᠲᠠᠢ ᠪᠠᠶᠢᠳᠠᠯ ᠵᠢᠴᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠪᠠᠨ ᠤᠶᠠᠯᠳᠤᠭᠤᠯᠤᠨ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠤᠨ ᠲᠣᠭᠤᠷᠢᠨ ᠳᠤ ᠨᠠᠷᠢᠯᠢᠭ ᠲᠠᠶᠢᠯᠤᠮᠵᠢ ᠬᠢᠪᠡ᠃ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠲᠤᠰ ᠤᠨ ᠬᠦᠷᠢᠶᠡᠨ ᠳᠠᠬᠢ ᠠᠵᠢᠯ ᠲᠠᠢ ᠪᠠᠨ ᠤᠶᠠᠯᠳᠤᠭᠤᠯᠤᠨ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ᠂ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠵᠢᠷᠤᠮᠵᠢᠭᠤᠯᠤᠨ ᠬᠠᠮᠢᠶᠠᠷᠬᠤ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ᠂ ᠲᠥᠯ ᠲᠤᠰᠴᠦ ᠪᠣᠶᠢᠵᠢᠭᠤᠯᠬᠤ᠂ ᠭᠠᠳᠠᠨ᠎ᠠ ᠠᠴᠠ ᠣᠷᠤᠭᠤᠯᠤᠭᠰᠠᠨ ᠮᠠᠯ ᠪᠠ ᠣᠨᠳᠣᠣ ᠭᠠᠵᠠᠷ ᠲᠤ ᠨᠤᠲᠤᠭ ᠰᠢᠯᠵᠢᠵᠦ ᠡᠪᠦᠯᠵᠢᠭᠡᠳ ᠨᠤᠲᠤᠭ ᠲᠠᠭᠠᠨ ᠪᠤᠴᠠᠭᠰᠠᠨ ᠮᠠᠯ ᠢ ᠬᠢᠨᠠᠨ ᠬᠡᠮᠵᠢᠬᠦ᠂ ᠡᠪᠡᠳᠴᠢᠨ ᠢᠶᠠᠷ ᠦᠬᠦᠭᠰᠡᠨ ᠮᠠᠯ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ᠂ ᠭᠤᠣᠯ ᠮᠥᠷᠡᠨ ᠨᠠᠭᠤᠷ ᠴᠥᠭᠦᠷᠥᠮ ᠢ ᠬᠠᠮᠢᠶᠠᠷᠬᠤ ᠳᠠᠷᠤᠭ᠎ᠠ ᠶᠢᠨ ᠳᠦᠷᠢᠮ᠂ ᠤᠢ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ ᠵᠡᠷᠭᠡ ᠭᠤᠣᠯᠳᠠᠯᠭ᠎ᠠ ᠲᠠᠢ ᠠᠵᠢᠯ ᠢ ᠲᠠᠬᠢᠨ ᠲᠣᠬᠢᠷᠠᠭᠤᠯᠵᠤ ᠲᠠᠬᠢᠨ ᠪᠠᠶᠢᠷᠢᠯᠠᠭᠤᠯᠪᠠ᠃ ᠰᠣᠮᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠂ ᠭᠠᠴᠠᠭ᠎ᠠ ︵ᠨᠡᠶᠢᠭᠡᠮ ᠲᠣᠭᠤᠷᠢᠭ︶ ᠪᠠ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠴᠢᠨᠠᠭᠰᠢᠳᠠ ᠪᠣᠳᠠᠲᠠᠶᠢᠵᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
3.20克尔伦2.jpg
      ᠰᠣᠮᠣᠨ ᠤ ᠨᠠᠮ ᠤᠨ ᠬᠤᠷᠢᠶ᠎ᠠ ᠶᠢᠨ ᠱᠦᠵᠢ ᠶᠦᠩ ᠬᠤᠩ᠂ ᠨᠢᠭᠡ ᠳᠤ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ ᠪᠠᠶᠢᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢ ᠪᠣᠳᠠᠲᠠᠢ ᠠᠳᠬᠤᠵᠤ᠂ ᠤᠯᠠᠨ ᠵᠦᠢᠯ ᠤᠨ ᠬᠡᠯᠪᠡᠷᠢ ᠪᠠᠷ ᠤᠬᠠᠭᠤᠯᠭ᠎ᠠ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠢ ᠥᠷᠭᠡᠨ ᠳᠡᠯᠭᠡᠷᠡᠩᠭᠦᠢ ᠥᠷᠨᠢᠭᠦᠯᠬᠦ ᠶᠢᠨ ᠬᠠᠮᠲᠤ᠂ ᠡᠩᠨᠡᠭᠡ ᠶᠢᠨ ᠪᠠᠶᠢᠭᠤᠯᠤᠯᠲᠠ ᠶᠢ ᠴᠢᠨᠠᠭᠰᠢᠳᠠ ᠴᠢᠩᠭᠠᠳᠬᠠᠨ᠂ ᠰᠤᠮᠤ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠭᠰᠡᠨ ᠭᠠᠯ ᠤᠨᠲᠠᠷᠠᠭᠠᠬᠤ ᠪᠠᠭ᠎ᠠ ᠬᠤᠪᠢᠶᠠᠷᠢ ᠠᠩᠭᠢ ᠪᠠ ︽ᠬᠡᠷᠦᠯᠦᠨ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠴᠠᠭ᠎ᠠ ︵ᠨᠡᠶᠢᠭᠡᠮ ᠲᠣᠭᠤᠷᠢᠭ︶᠎ ᠶᠢᠨ ᠮᠠᠯᠴᠢᠳ ᠢ ᠢᠳᠡᠪᠬᠢᠲᠡᠢ ᠲᠠᠶᠢᠴᠢᠯᠠᠨ ᠭᠠᠯ ᠤᠨᠲᠠᠷᠠᠭᠠᠬᠤ ᠡᠩᠨᠡᠭᠡ ᠳᠤ ᠣᠷᠣᠯᠴᠠᠭᠤᠯᠬᠤ ᠬᠡᠷᠡᠭᠲᠡᠢ᠃ ᠰᠤᠮᠤ ᠭᠠᠴᠠᠭ᠎ᠠ ︵ᠨᠡᠶᠢᠭᠡᠮ ᠲᠣᠭᠤᠷᠢᠭ︶ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠭᠠᠷᠤᠭᠰᠠᠨ ᠤ ᠳᠠᠷᠠᠭ᠎ᠠ ᠳᠠᠷᠤᠢ ᠲᠦᠷᠭᠡᠨ ᠮᠡᠳᠡᠭᠦᠯᠬᠦ ᠶᠢᠨ ᠬᠠᠮᠲᠤ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ ᠬᠤᠶᠠᠷ ᠲᠤ ᠠᠮᠤᠷ ᠲᠦᠪᠰᠢᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠡᠷᠡᠰ ᠰᠠᠶᠢᠲᠤᠷ ᠠᠳᠬᠤᠬᠤ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠰᠢᠢᠳᠪᠦᠷᠢᠯᠡᠬᠦ ᠠᠵᠢᠯ ᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠠᠤᠯᠢ ᠳᠦᠷᠢᠮ ᠤᠨ ᠦᠵᠡᠯᠲᠡ ᠪᠠ ᠦᠨᠳᠦᠰᠦᠨ ᠱᠠᠲᠤᠨ ᠤ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠨ᠂ ᠣᠯᠠᠨ ᠲᠠᠯ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠬᠠᠤᠯᠢ ᠲᠣᠭᠲᠠᠭᠠᠯ ᠶᠣᠰᠣᠭᠠᠷ᠂ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠮᠠᠯᠴᠢᠳ ᠤᠨ ᠵᠦᠢ ᠶᠣᠰᠣᠨ ᠤ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠮᠠᠯ ᠠᠵᠤ ᠠᠬᠤᠢ ᠶᠢᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠪᠠᠷᠢᠮᠲᠠᠯᠠᠬᠤ ᠬᠡᠷᠡᠭᠲᠡᠢ᠃ ᠲᠥᠯ ᠲᠤᠰᠴᠤ ᠪᠣᠶᠢᠵᠢᠭᠤᠯᠬᠤ ᠠᠵᠢᠯ ᠨᠢ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠳᠤ ᠲᠤᠶᠢᠯ ᠤᠨ ᠴᠢᠬᠤᠯᠠ ᠪᠠᠶᠢᠳᠠᠭ᠂ ᠰᠣᠮᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠠᠴᠠ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠪᠠ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ ᠵᠢᠯᠣᠭᠤᠳᠤᠯᠭ᠎ᠠ ᠶᠢ ᠴᠢᠩᠭᠠᠳᠬᠠᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠶᠢ ᠴᠢᠬᠤᠯᠠᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠳᠠᠨ᠎ᠠ ᠠᠴᠠ ᠣᠷᠤᠭᠤᠯᠤᠭᠰᠠᠨ ᠮᠠᠯ ᠤᠨᠤᠭ᠎ᠠ ᠪᠠ ᠣᠨᠳᠣᠣ ᠭᠠᠵᠠᠷ ᠲᠤ ᠨᠤᠲᠤᠭ ᠰᠢᠯᠵᠢᠵᠦ ᠡᠪᠦᠯᠵᠢᠭᠡᠳ ᠨᠤᠲᠤᠭ ᠲᠠᠭᠠᠨ ᠪᠤᠴᠠᠭᠰᠠᠨ ᠮᠠᠯ ᠤᠨᠤᠭ᠎ᠠ ᠶᠢ ᠬᠢᠨᠠᠨ ᠬᠠᠮᠢᠶᠠᠷᠴᠤ ᠬᠢᠵᠢᠭ ᠰᠡᠷᠭᠡᠶᠢᠯᠡᠬᠦ ᠠᠵᠢᠯ ᠢ ᠴᠢᠩᠭᠠᠳᠬᠠᠵᠤ᠂ ᠭᠠᠳᠠᠨ᠎ᠠ ᠠᠴᠠ ᠬᠢᠵᠢᠭ ᠳᠡᠯᠭᠡᠷᠡᠨ ᠣᠷᠤᠬᠤ ᠶᠢ ᠰᠡᠷᠭᠡᠶᠢᠯᠡᠬᠦ ᠬᠡᠷᠡᠭᠲᠡᠢ᠃ ᠳᠥᠷᠪᠡ ᠳᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠵᠢᠷᠤᠮᠵᠢᠯ ᠢ ᠴᠢᠩᠭᠠᠳᠬᠠᠬᠤ ᠬᠡᠷᠡᠭᠲᠡᠢ᠃ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠪᠠ ᠰᠣᠮᠣᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠨᠤᠲᠤᠭ ᠪᠡᠯᠴᠢᠭᠡᠷ ᠢ  ᠲᠠᠲᠠᠪᠤᠷᠢᠯᠠᠨ ᠬᠡᠷᠡᠭᠯᠡᠬᠦ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠠᠬᠢᠭᠤᠯᠵᠤ᠂ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠶᠠᠪᠤᠴᠠ ᠶᠢ ᠴᠢᠩᠭ᠎ᠠ ᠵᠢᠷᠤᠮᠯᠠᠨ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠢᠳᠡᠪᠬᠢᠲᠡᠢ ᠪᠠᠷ ᠠᠵᠢᠯ ᠬᠢᠵᠦ᠂ ᠤᠬᠠᠭᠤᠯᠭ᠎ᠠ ᠶᠢ ᠪᠣᠳᠠᠲᠠᠶᠢᠵᠢᠭᠤᠯᠬᠤ᠂ ᠮᠠᠲ᠋ᠧᠷᠢᠶᠠᠯ ᠴᠤᠭᠯᠠᠭᠤᠯᠬᠤ ᠶᠢ ᠪᠣᠳᠠᠲᠠᠶᠢᠵᠢᠭᠤᠯᠬᠤ᠂ ᠳᠠᠩᠰᠠᠯᠠᠭᠤᠯᠬᠤ ᠶᠢ ᠪᠣᠳᠠᠲᠠᠶᠢᠵᠢᠭᠤᠯᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠨᠤᠲᠤᠭ ᠪᠡᠯᠴᠢᠭᠡᠷ ᠢ ᠡᠪᠳᠡᠬᠦ ᠦᠵᠡᠭᠳᠡᠯ ᠢ ᠪᠦᠲᠦᠮᠵᠢᠲᠡᠶ ᠬᠤᠷᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ ᠬᠠᠷᠢᠶ᠎ᠠ ᠣᠷᠣᠨ ᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠭᠤᠣᠯ ᠤᠨ ᠬᠡᠰᠡᠭ ᠢ ᠴᠡᠪᠡᠷᠯᠡᠬᠦ ᠶᠢ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠰᠤᠮᠤ᠂ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠠᠶᠢᠭ᠎ᠠ ᠭᠠᠵᠠᠷ ᠤᠨ ᠬᠤᠭ ᠨᠣᠪᠰᠢ ᠶᠢ ᠲᠦᠷ ᠣᠪᠣᠭᠠᠯᠠᠬᠤ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠨ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠢ᠃ ᠵᠢᠷᠭᠤᠭ᠎ᠠ ᠳᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠬᠡᠷᠡᠭᠲᠡᠢ᠃ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠮᠠᠯᠴᠢᠳ ᠢ ᠢᠳᠡᠪᠬᠢᠲᠡᠢ ᠬᠥᠲᠥᠯᠥᠨ ᠵᠢᠯᠤᠭᠤᠳᠴᠤ ᠦᠵᠡᠯ ᠰᠠᠨᠠᠭ᠎ᠠ ᠶᠢ ᠨᠢ ᠬᠤᠪᠢᠷᠠᠭᠤᠯᠤᠨ᠂ ᠨᠤᠲᠤᠭ ᠪᠡᠯᠴᠢᠭᠡᠷ ᠢ ᠬᠠᠮᠠᠭᠠᠯᠠᠬᠤ ᠦᠵᠡᠯ ᠤᠬᠠᠮᠰᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠲᠥᠰᠥᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ