ᠪᠠᠷᠠᠭᠤᠨ ᠰᠦᠮ᠎ᠡ ᠭᠠᠴᠠᠭ᠎ᠠ ᠠᠴᠠ ᠪᠠᠶᠠᠨᠳᠡᠷᠡᠰᠦ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/21
ᠬᠤᠰᠢᠭᠤᠨ ᠤ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠪᠠᠷᠠᠭᠤᠨ ᠰᠦᠮ᠎ᠡ ᠭᠠᠴᠠᠭ᠎ᠠ᠂ ᠬᠠᠶᠢᠯᠠᠰᠤᠲᠤ ᠭᠠᠴᠠᠭ᠎ᠠ ᠳᠤ᠄      ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠰᠦᠮ᠎ᠡ ᠭᠠᠴᠠᠭ᠎ᠠ ᠠᠴᠠ ᠪᠠᠶᠠᠨᠳᠡᠷᠡᠰᠦ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠤᠷᠤᠭᠰᠢᠲᠠᠢ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠷᠠᠭᠤᠨ ᠰᠦᠮ᠎ᠡ ᠭᠠᠴᠠᠭ᠎ᠠ ᠠᠴᠠ ᠪᠠᠶᠠᠨᠳᠡᠷᠡᠰᠦ ᠬᠦᠷᠬᠦ ᠵᠠᠰᠠᠮᠠᠯ ᠵᠠᠮ ᠤᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢ ᠦᠨᠡᠯᠡᠨ ᠵᠢᠱᠢᠬᠦ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠪᠦᠷᠢᠯᠳᠦᠭᠦᠨ ᠨᠢ ᠳᠣᠣᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠢᠦᠢ ᠵᠦᠩ ᠯᠧᠢ  ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄ ᠰᠢᠨᠵᠢᠯᠡ  ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ      ᠴᠢ ᠱᠧᠩ ᠶᠦᠩ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠪᠠᠶᠢᠩᠭᠤ ᠶᠢᠨ ᠳᠡᠳ᠋ ᠱᠦᠵᠢ      ᠬᠠᠰᠤᠡᠭᠡᠷᠡᠯ  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ      ᠪᠦᠷᠢᠯᠳᠦᠭᠦᠨ᠄ ᠵᠤ᠋ ᠬᠤᠩ ᠭᠠᠩ  ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠨ      ᠸᠧᠢ ᡁᠢ ᠾᠧᠩ  ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ      ᠬᠠᠰᠲᠤᠯᠭᠠᠭᠤᠷᠢ  ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ      ᠡᠷᠳᠡᠨᠢᠪᠤᠯᠠᠭ  ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ      ᠯᠢᠦ ᡁᠢ ᠭᠠᠩ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠬᠤᠪᠢᠶᠠᠷᠢ ᠲᠣᠪᠴᠢᠶᠠᠨ ᠤ ᠳᠠᠷᠤᠭ᠎ᠠ      ︵ᠲᠤᠰᠢᠶᠠᠯ ᠬᠦᠯᠢᠶᠡᠵᠦ ᠪᠤᠢ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ︵ᠤᠰᠤᠨ ᠠᠰᠢᠭᠯᠠᠯᠲᠠ︶᠎ ᠤᠨ ᠲᠣᠪᠴᠢᠶᠠᠨ ᠤ ᠳᠠᠷᠤᠭ᠎ᠠ      ᠰᠢᠤᠸᠠᠢ ᠳ᠋ᠧ ᠱᠦᠨ  ᠬᠤᠰᠢᠭᠤᠨ ᠤ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ      ᠤᠯᠠᠭᠠᠨᠪᠠᠭᠠᠨ᠎ᠠ  ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ      ᠲᠠᠨ ᠡᠾᠦ᠋ᠢ ᠮᠢᠨ ᠬᠤᠰᠢᠭᠤᠨ ᠤ ᠰᠣᠶᠣᠯ ᠵᠢᠭᠤᠯᠴᠢᠯᠠᠯ ᠪᠠ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠵᠦ ᠪᠤᠢ︶      ᠢᠦᠢ ᠪᠠᠢ ᠮᠢᠩ  ᠠᠯᠳ᠋ᠬᠠᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ      ᠡᠦ ᠠᠭᠤᠳᠠᠮ  ᠬᠤᠰᠢᠭᠤᠨ ᠤ ᠬᠠᠤᠯᠢ ᠶᠢᠨ ᠤᠬᠠᠭᠠᠨ ᠤ ᠨᠡᠶᠢᠭᠡᠮᠯᠢᠭ ᠤᠨ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ᠂ ᠬᠤᠰᠢᠭᠤᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠤᠯᠤᠰ ᠲᠥᠷᠥ ᠶᠢᠨ ᠠᠮᠤᠷ ᠲᠦᠪᠰᠢᠨ ᠵᠢᠴᠢ ᠲᠣᠭᠲᠠᠭᠤᠨ ᠢ ᠬᠠᠮᠠᠭᠠᠯᠠᠬᠤ ᠵᠢᠯᠤᠭᠤᠳᠬᠤ ᠲᠠᠰᠤᠭ ᠤᠨ ᠡᠷᠬᠢᠯᠡᠭᠴᠢ      ᠭᠤᠸ ᠯᠧᠢ  ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ       ᠰᠣᠨᠣᠷ  ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠰᠦᠮ᠎ᠡ ᠶᠢᠨ ᠭᠠᠴᠠᠭᠠᠨ ᠳᠠᠷᠤᠭ᠎ᠠ      ᠤᠣ ᠢᠦᠢ ᠵᠤᠸᠠᠩ  ᠠᠯᠳ᠋ᠬᠠᠮᠡᠭᠡᠯ ᠪᠠᠯᠭᠠᠰᠤ ᠶᠢᠨ ᠬᠠᠶᠢᠯᠠᠰᠤᠲᠤ ᠭᠠᠴᠠᠭ᠎ᠠ ᠶᠢᠨ ᠭᠠᠴᠠᠭᠠᠨ ᠳᠠᠷᠤᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ᠄ ᠬᠠᠰᠤᠡᠭᠡᠷᠡᠯ᠂ ᠬᠠᠷᠢᠯᠴᠠᠬᠤ ᠤᠲᠠᠰᠤ᠄ 6406077᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ ᠥᠪᠡᠰᠦᠪᠡᠨ ᠬᠦᠴᠦᠨ ᠦᠭᠡᠢ ᠪᠣᠯᠵᠤ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ᠳᠠᠭᠢᠵᠤ ᠠᠰ ᠲᠤᠨᠢ ᠮᠡᠳᠡᠭᠳᠡᠯ ᠶᠠᠪᠤᠭᠤᠯᠬᠤ ᠦᠭᠡᠢ᠃                                       2024 ᠣᠨ ᠤ 3 ᠰᠠᠷ᠎ᠠ ᠶᠢᠨ 18 ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ