ᠠᠷᠤᠬᠠᠰᠢᠶᠠᠲᠤ ᠪᠣᠭᠤᠮᠲᠠ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠪᠣᠭᠤᠮᠲᠠ ᠪᠠᠷ ᠲᠤᠷᠰᠢᠨ ᠨᠡᠪᠲᠡᠷᠡᠬᠦ ᠶᠢ ᠰᠡᠷᠭᠦᠭᠡᠪᠡ
ᠨᠡᠶᠢᠲᠡᠯᠡᠭᠰᠡᠨ ᠴᠠᠭ᠄
2024/3/21
      ᠣᠶᠢᠷ᠎ᠠ ᠳᠤ᠂ ᠠᠷᠤᠬᠠᠰᠢᠶᠠᠲᠦ ᠪᠣᠭᠤᠮᠲᠠ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠪᠣᠭᠤᠮᠲᠠ ᠪᠠᠷ ᠲᠤᠷᠰᠢᠨ ᠨᠡᠪᠲᠡᠷᠡᠭᠦᠯᠬᠦ ᠶᠢ ᠰᠡᠷᠭᠦᠭᠡᠵᠦ᠂ 3 ᠰᠠᠷ᠎ᠠ ᠶᠢᠨ 20 ᠤ ᠡᠳᠦᠷ ᠠᠴᠠ ᠡᠮᠦᠨ᠎ᠡ ᠵᠢᠩᠬᠢᠨᠢ ᠪᠠᠷ ᠨᠡᠪᠲᠡᠷᠡᠬᠦ ᠶᠠᠪᠤᠴᠠ ᠶᠢᠨ ᠠᠮᠤᠷ ᠲᠦᠪᠰᠢᠨ ᠪᠦᠭᠡᠳ ᠦᠨᠳᠦᠷ ᠪᠦᠲᠦᠮᠵᠢᠲᠡᠢ᠂ ᠳᠦᠭᠦᠮ ᠲᠦᠳᠡ᠂ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃
3.21口岸1.jpg
      ᠪᠣᠭᠤᠮᠲᠠ ᠪᠠᠷ ᠲᠤᠷᠰᠢᠨ ᠨᠡᠪᠲᠡᠷᠡᠭᠦᠯᠬᠦ ᠶᠢ ᠰᠡᠷᠭᠦᠭᠡᠬᠦ ᠶᠠᠪᠤᠴᠠ ᠳᠤ᠂ ᠠᠷᠤᠬᠠᠰᠢᠶᠠᠲᠦ ᠪᠣᠭᠤᠮᠲᠠ ᠮᠠᠰᠢᠨ ᠲᠡᠷᠭᠡᠨ ᠤ ᠬᠢᠯᠢ ᠪᠠᠷ ᠥᠩᠭᠡᠷᠡᠬᠦ ᠮᠡᠳᠡᠭᠡ ᠵᠠᠩᠭᠢ ᠶᠢ ᠪᠦᠷᠢᠳᠬᠡᠨ ᠳᠠᠩᠰᠠᠯᠠᠬᠤ᠂ ᠭᠤᠶᠣᠴᠢᠯᠠᠯ ᠢ ᠮᠡᠳᠡᠭᠦᠯᠬᠦ᠂ ᠮᠠᠰᠢᠨ ᠲᠡᠷᠭᠡ ᠵᠢᠴᠢ ᠠᠶᠠᠨᠴᠢᠳ ᠢ ᠪᠠᠶᠢᠴᠠᠭᠠᠨ ᠰᠢᠯᠭᠠᠬᠤ᠂ ᠮᠠᠰᠢᠨ ᠲᠡᠷᠭᠡ ᠶᠢ H968 ᠰᠢᠰᠲ᠋ᠧᠮ ᠤᠨ ᠮᠠᠰᠢᠨ ᠢᠶᠠᠷ ᠪᠠᠶᠢᠴᠠᠭᠠᠬᠤ᠂ ᠡᠯ᠎ᠡ ᠪᠠᠶᠢᠴᠠᠭᠠᠨ ᠰᠢᠯᠭᠠᠬᠤ ᠰᠠᠯᠠᠭ᠎ᠠ ᠮᠦᠴᠢᠷ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠪᠠ ᠪᠣᠭᠤᠮᠲᠠ ᠪᠠᠷ ᠥᠩᠭᠡᠷᠡᠬᠦ ᠶᠢ ᠳᠦᠭᠦᠮᠴᠢᠯᠡᠬᠦ ᠵᠡᠷᠭᠡ ᠶᠠᠪᠤᠴᠠ ᠶᠢ ᠪᠦᠬᠦ ᠲᠠᠯ᠎ᠠ ᠪᠠᠷ ᠪᠠᠶᠢᠴᠠᠭᠠᠨ ᠰᠢᠯᠭᠠᠬᠤ ᠶᠢᠨ ᠬᠠᠮᠲᠤ ᠦᠢᠯᠡᠴᠢᠯᠡᠭᠡ ᠬᠢᠵᠦ᠂ ᠮᠠᠰᠢᠨ ᠲᠡᠷᠭᠡᠨ ᠤ ᠠᠮᠵᠢᠯᠲᠠᠲᠠᠢ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃
3.21口岸2.jpg
      ᠣᠶᠢᠯᠠᠭᠠᠭᠰᠠᠨ ᠢᠶᠠᠷ᠂ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠶᠢ ᠪᠣᠭᠤᠮᠲᠠ ᠪᠠᠷ ᠲᠤᠷᠰᠢᠨ ᠨᠡᠪᠲᠡᠷᠡᠭᠦᠯᠬᠦ ᠶᠢ ᠰᠡᠷᠭᠦᠭᠡᠬᠦ ᠪᠣᠯ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠴᠢᠩᠭᠠᠳᠬᠠᠬᠤ᠂ ᠭᠠᠳᠠᠭᠠᠳᠤ ᠨᠡᠭᠡᠭᠡᠯᠲᠡ ᠶᠢ ᠦᠷᠭᠡᠳᠬᠡᠬᠦ ᠠᠵᠢᠯ ᠤᠨ ᠳᠤᠮᠳᠠᠬᠢ ᠨᠢᠭᠡᠨ ᠴᠢᠬᠤᠯᠠ ᠠᠷᠭ᠎ᠠ ᠬᠡᠮᠵᠢᠶ᠎ᠡ ᠮᠦᠨ᠂ ᠡᠨᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠶᠢ ᠠᠬᠢᠭᠤᠯᠤᠨ᠂ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠪᠡᠯᠡ ᠣᠷᠤᠭᠤᠯᠤᠯᠲᠠ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠢᠬᠦ ᠪᠠ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠭᠠᠵᠠᠷ ᠣᠷᠣᠨ ᠤ ᠠᠵᠤ ᠠᠬᠤᠢ ᠶᠢᠨ ᠬᠦᠭᠵᠢᠯ ᠴᠡᠴᠡᠭᠯᠡᠯ ᠢ ᠠᠬᠢᠭᠤᠯᠬᠤ ᠪᠣᠯᠣᠨ᠎ᠠ᠃
3.21口岸3.jpg
      ᠠᠷᠤᠬᠠᠰᠢᠶᠠᠲᠦ ᠪᠣᠭᠤᠮᠲᠠ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠪᠦᠬᠦ ᠣᠷᠣᠨ ᠤ ᠵᠠᠰᠠᠮᠠᠯ ᠵᠠᠮ ᠤᠨ ᠪᠣᠭᠤᠮᠲᠠ ᠶᠢᠨ 8 ᠰᠠᠭᠤᠳᠠᠯ ᠠᠴᠠ ᠳᠣᠷᠣᠭᠰᠢᠬᠢ ᠪᠠᠭ᠎ᠠ ᠮᠠᠰᠢᠨ ᠲᠡᠷᠭᠡ ᠨᠡᠪᠲᠡᠷᠡᠬᠦ ᠶᠢ ᠪᠦᠯᠦᠭ ᠬᠤᠪᠢᠶᠠᠨ ᠡᠮᠬᠢ ᠵᠢᠷᠤᠮ ᠲᠠᠢ ᠪᠡᠶᠡᠯᠡᠭᠦᠯᠬᠦ ᠬᠤᠶᠠᠳᠤᠭᠠᠷ ᠪᠦᠯᠦᠭ ᠤᠨ ᠲᠤᠷᠰᠢᠯᠲᠠ ᠶᠢᠨ ᠪᠣᠭᠤᠮᠲᠠ ᠪᠣᠯᠣᠭᠰᠠᠨ ᠤ ᠬᠤᠪᠢ ᠳᠤ᠂ ᠦᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠴᠠᠭ ᠬᠤᠭᠤᠴᠠᠭ᠎ᠠ ᠶᠢ ᠠᠳᠬᠤᠵᠤ᠂ ᠪᠣᠭᠤᠮᠲᠠ ᠨᠡᠪᠲᠡᠷᠡᠬᠦ ᠨᠡᠩ ᠳᠦᠭᠦᠮ ᠵᠠᠭᠪᠤᠷ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ 8 ᠰᠠᠭᠤᠳᠠᠯ ᠠᠴᠠ ᠳᠣᠷᠣᠭᠰᠢᠬᠢ ᠪᠠᠭ᠎ᠠ ᠬᠡᠯᠪᠡᠷᠢ ᠶᠢᠨ ᠮᠠᠰᠢᠨ ᠲᠡᠷᠭᠡ ᠨᠡᠪᠲᠡᠷᠡᠬᠦ ᠶᠢ ᠠᠬᠢᠭᠤᠯᠬᠤ ᠬᠠᠮᠢᠶ᠎ᠠ ᠪᠦᠬᠦᠢ ᠳᠡᠰ ᠳᠠᠷᠠᠭᠠᠯᠠᠯ ᠢ ᠢᠳᠡᠪᠬᠢᠲᠡᠢ ᠨᠠᠶᠢᠳᠠᠪᠤᠷᠢᠵᠢᠭᠤᠯᠤᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠦᠴᠦᠨ ᠴᠢᠳᠠᠯ ᠢᠶᠠᠨ ᠨᠡᠮᠡᠷᠢᠯᠡᠵᠦ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ