ᠴᠠᠭ ᠠᠭᠤᠷ ᠤᠨ ᠤᠷᠢᠳᠴᠢᠯᠠᠭᠰᠠᠨ ᠮᠡᠳᠡᠭᠡ᠄ 3 ᠰᠠᠷ᠎ᠠ ᠶᠢᠨ 22 — 24 ᠤ ᠡᠳᠦᠷ ᠪᠣᠯᠲᠠᠯ᠎ᠠ ᠮᠠᠨ ᠤ ᠬᠤᠰᠢᠭᠤᠨ ᠳᠤ ᠶᠡᠭᠡ ᠰᠠᠯᠬᠢ ᠰᠠᠯᠬᠢᠯᠠᠵᠤ᠂ ᠲᠡᠭᠷᠢ ᠬᠦᠢᠲᠡᠷᠡᠨ᠂ ᠤᠮᠠᠷᠠᠲᠤ ᠬᠡᠰᠡᠭ ᠲᠤ ᠪᠠᠭ᠎ᠠ ᠴᠠᠰᠤ ᠣᠷᠣᠨ᠎ᠠ
ᠨᠡᠶᠢᠲᠡᠯᠡᠭᠰᠡᠨ ᠴᠠᠭ᠄
2024/3/22
      ᠬᠦᠢᠲᠡᠨ ᠠᠭᠤᠷ ᠠᠮᠢᠰᠬᠤᠯ ᠤᠨ ᠨᠥᠯᠥᠭᠡᠯᠡᠯ ᠠᠴᠠ ᠪᠣᠯᠵᠤ᠂ 3 ᠰᠠᠷ᠎ᠠ ᠶᠢᠨ 22 ᠠᠴᠠ 24 ᠤ ᠡᠳᠦᠷ ᠪᠣᠯᠲᠠᠯ᠎ᠠ ᠮᠠᠨ ᠤ ᠬᠤᠰᠢᠭᠤᠨ ᠳᠤ ᠶᠡᠭᠡ ᠰᠠᠯᠬᠢ ᠰᠠᠯᠬᠢᠯᠠᠵᠤ᠂ ᠳᠤᠯᠠᠭᠠᠨ ᠤ ᠬᠡᠮᠵᠢᠶ᠎ᠡ ᠳᠣᠷᠣᠭᠰᠢᠯᠠᠨ᠂ ᠬᠡᠰᠡᠭ ᠭᠠᠵᠠᠷ ᠲᠤ ᠪᠠᠭ᠎ᠠ ᠴᠠᠰᠤ ᠣᠷᠣᠵᠤ᠂ 22 ᠤᠨ ᠡᠳᠦᠷ ᠤᠮᠠᠷᠠᠲᠤ ᠬᠡᠰᠡᠭ ᠤᠨ ᠰᠣᠮᠣ ᠪᠠᠯᠭᠠᠰᠤᠨ ᠳᠤ ᠪᠠᠭ᠎ᠠ ᠴᠠᠰᠤ ᠣᠷᠣᠨ᠎ᠠ︔ 23 ᠤ ᠡᠳᠦᠷ ᠪᠦᠭᠦ ᠬᠤᠰᠢᠭᠤᠨ ᠳᠤ ᠪᠠᠷᠠᠭᠤᠨ ᠬᠤᠶᠢᠨ᠎ᠠ ᠠᠴᠠ 6~7 ᠲᠠᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 8 ᠲᠠᠰ ᠤᠨ ᠰᠠᠯᠬᠢ ᠰᠠᠯᠬᠢᠯᠠᠨ᠎ᠠ᠃ 24 ᠤ ᠡᠳᠦᠷ᠂ ᠪᠦᠭᠦ ᠬᠤᠰᠢᠭᠤᠨ ᠤ ᠡᠯ᠎ᠡ ᠭᠠᠵᠠᠷ ᠤᠨ ᠠᠭᠠᠷ ᠤᠨ ᠳᠤᠯᠠᠭᠠᠨ 6℃ ᠣᠷᠴᠢᠮ ᠳᠣᠷᠣᠭᠰᠢᠯᠠᠬᠤ ᠪᠣᠯᠣᠨ᠎ᠠ᠃      ᠰᠠᠨᠠᠭᠤᠯᠤᠮᠵᠢ᠄      ᠲᠤᠰ ᠤᠳᠠᠭ᠎ᠠ ᠶᠢᠨ ᠰᠠᠯᠬᠢᠨ ᠤ ᠬᠦᠴᠦ ᠨᠡᠯᠢᠶᠡᠳ ᠶᠡᠭᠡ ᠪᠣᠯᠬᠤᠷ᠂ ᠲᠦᠷ ᠪᠠᠷᠢᠭᠰᠠᠨ ᠪᠠᠷᠢᠯᠭ᠎ᠠ᠂ ᠲᠦᠬᠦᠭᠡᠷᠦᠮᠵᠢᠲᠦ ᠲᠠᠷᠢᠶᠠᠯᠠᠩ᠂ ᠮᠠᠯ ᠤᠨ ᠬᠠᠰᠢᠶ᠎ᠠ ᠰᠠᠷᠠᠪᠴᠢ ᠵᠡᠷᠭᠡ ᠶᠢ ᠰᠡᠷᠭᠡᠶᠢᠯᠡᠨ ᠪᠠᠬᠢᠵᠢᠭᠦᠯᠬᠦ ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠨ᠎ᠠ᠃ ᠡᠭᠦᠨ ᠠᠴᠠ ᠭᠠᠳᠠᠨ᠎ᠠ᠂ ᠤᠮᠠᠷᠠᠲᠤ ᠬᠡᠰᠡᠭ ᠤᠨ ᠰᠣᠮᠣ ᠪᠠᠯᠭᠠᠰᠤᠨ ᠳᠤ ᠴᠠᠰᠤ ᠣᠷᠣᠵᠤ ᠦᠵᠡᠭᠳᠡᠴᠡ ᠶᠢᠨ ᠬᠡᠮᠵᠢᠶ᠎ᠡ ᠳᠣᠷᠣᠭᠰᠢᠯᠠᠵᠤ᠂ ᠵᠠᠮ ᠳᠡᠭᠡᠷ᠎ᠡ ᠴᠠᠰᠤ ᠬᠤᠷᠠᠵᠤ ᠮᠥᠰᠥ ᠬᠦᠯᠳᠡᠬᠦ ᠠᠶᠤᠯᠲᠠᠢ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠰᠡᠷᠭᠡᠶᠢᠯᠡᠯᠲᠡ ᠶᠢ ᠴᠢᠩᠭᠠᠳᠬᠠᠬᠤ ᠬᠡᠷᠡᠭᠲᠡᠢ᠃ ᠰᠡᠭᠦᠯᠴᠢ ᠶᠢᠨ ᠬᠤᠭᠤᠴᠠᠭᠠᠨ ᠳᠤ ᠡᠯ᠎ᠡ ᠭᠠᠵᠠᠷ ᠤᠨ ᠠᠭᠠᠷ ᠤᠨ ᠳᠤᠯᠠᠭᠠᠨ ᠳᠣᠷᠣᠭᠰᠢᠯᠠᠵᠤ᠂ ᠣᠯᠠᠨ ᠲᠦᠮᠡᠨ ᠭᠠᠳᠠᠭᠰᠢ ᠭᠠᠷᠬᠤ ᠳᠤ ᠪᠠᠨ ᠬᠦᠢᠲᠡᠨ ᠠᠴᠠ ᠰᠡᠷᠭᠡᠶᠢᠯᠡᠵᠦ ᠰᠠᠶᠢᠲᠤᠷ ᠳᠤᠯᠠᠭᠠᠯᠠᠬᠤ ᠶᠢ ᠠᠩᠬᠠᠷᠤᠭᠠᠷᠠᠢ᠃                   ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                          2024 ᠣᠨ ᠤ 3 ᠰᠠᠷ᠎ᠠ ᠶᠢᠨ 22 ᠤᠨ ᠡᠳᠦᠷ
附图.jpg
  
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ