ᠬᠦᠴᠦᠲᠡᠢ ᠰᠣᠯᠢᠭ ᠤᠷᠤᠰᠬᠠᠯ ᠤᠨ ᠬᠥᠬᠡ ᠥᠩᠭᠡ ᠶᠢᠨ ᠰᠡᠷᠡᠮᠵᠢ ᠨᠡᠶᠢᠲᠡᠯᠡᠪᠡ
ᠨᠡᠶᠢᠲᠡᠯᠡᠭᠰᠡᠨ ᠴᠠᠭ᠄
2024/3/26
      ᠲᠥᠪ ᠤᠨ ᠴᠠᠭ ᠠᠭᠤᠷ ᠤᠨ ᠰᠲ᠋ᠠᠨᠼ 3 ᠳ᠋ᠤᠭᠠᠷ ᠰᠠᠷ᠎ᠠ ᠶᠢᠨ 24᠎ ᠤ ᠡᠳᠦᠷ ᠤᠨ 6 ᠴᠠᠭ ᠲᠤ ᠬᠦᠴᠦᠲᠡᠢ ᠰᠣᠯᠢᠭ ᠤᠷᠤᠰᠬᠠᠯ ᠤᠨ ᠬᠥᠬᠡ ᠥᠩᠭᠡ ᠶᠢᠨ ᠰᠡᠷᠡᠮᠵᠢ ᠶᠢ ᠦᠷᠭᠦᠯᠵᠢᠯᠡᠨ ᠨᠡᠶᠢᠲᠡᠯᠡᠭᠰᠡᠨ ᠪᠠᠶᠢᠨ᠎ᠠ᠃ 25᠎ ᠤ ᠡᠳᠦᠷ ᠤᠨ 8 ᠴᠠᠭ ᠲᠤ ᠠᠨᠾᠦ᠋ᠢ ᠮᠤᠵᠢ ᠶᠢᠨ ᠳᠤᠮᠳᠠ ᠡᠮᠦᠨ᠎ᠡ ᠪᠡᠶ᠎ᠡ᠂ ᠵᠢᠶᠠᠩᠰᠤ ᠶᠢᠨ ᠡᠮᠦᠨ᠎ᠡ ᠪᠡᠶ᠎ᠡ᠂ ᠬᠤᠪᠧᠢ ᠶᠢᠨ ᠵᠡᠭᠦᠨ ᠡᠮᠦᠨ᠎ᠡ ᠪᠡᠶ᠎ᠡ᠂ ᠬᠤᠨᠠᠨ ᠤ ᠬᠤᠶᠢᠲᠤ ᠪᠡᠶ᠎ᠡ ᠪᠠ ᠪᠠᠷᠠᠭᠤᠨ ᠡᠮᠦᠨ᠎ᠡ ᠪᠡᠶ᠎ᠡ᠂ ᠵᠢᠶᠠᠩᠰᠢ ᠶᠢᠨ ᠪᠠᠷᠠᠭᠤᠨ ᠬᠤᠶᠢᠲᠤ ᠪᠡᠶ᠎ᠡ᠂ ᠴᠦᠩᠴᠢᠩ ᠤᠨ ᠵᠡᠭᠦᠨ ᠪᠡᠶ᠎ᠡ ᠪᠠ ᠬᠤᠶᠢᠲᠤ ᠪᠡᠶ᠎ᠡ᠂ ᠭᠦᠢᠵᠧᠦ ᠶᠢᠨ ᠵᠡᠭᠦᠨ ᠪᠡᠶ᠎ᠡ᠂ ᠭᠤᠸᠠᠩᠰᠢ ᠶᠢᠨ ᠬᠤᠶᠢᠲᠤ ᠪᠡᠶ᠎ᠡ ᠵᠡᠷᠭᠡ ᠭᠠᠵᠠᠷ ᠲᠤ 8᠎ ᠠᠴᠠ 10 ᠳᠡᠰ ᠤᠨ ᠰᠠᠯᠬᠢ ᠰᠠᠯᠬᠢᠯᠠᠬᠤ ᠪᠤᠶᠤ ᠴᠠᠬᠢᠯᠭᠠᠨ ᠴᠠᠬᠢᠯᠠᠵᠤ ᠮᠥᠨᠳᠥᠷ ᠣᠷᠣᠨ᠎ᠠ᠃ ᠬᠡᠰᠡᠭ ᠭᠠᠵᠠᠷ ᠤᠨ ᠬᠤᠷ᠎ᠠ ᠲᠤᠨᠤᠳᠠᠰᠤᠨ ᠤ ᠬᠡᠮᠵᠢᠶ᠎ᠡ 50 ᠮᠢᠯᠢᠮᠧᠲᠷ ᠠᠴᠠ ᠳᠠᠪᠠᠨ᠎ᠠ᠃      ᠪᠣᠷᠣᠭᠠᠨ ᠬᠤᠷ᠎ᠠ ᠪᠠ ᠬᠦᠢᠲᠡᠨ ᠠᠭᠠᠷ ᠤᠨ ᠨᠥᠯᠥᠭᠡ ᠪᠠᠷ ᠬᠤᠶᠢᠰᠢᠳᠠ ᠶᠢᠨ ᠬᠡᠳᠦᠨ ᠬᠤᠨᠤᠭ ᠲᠤ ᠳᠤᠮᠳᠠ ᠵᠡᠭᠦᠨ ᠪᠡᠶ᠎ᠡ ᠶᠢᠨ ᠶᠡᠬᠡᠩᠬᠢ ᠭᠠᠵᠠᠷ ᠲᠤ ᠬᠤᠶᠢᠨ᠎ᠠ ᠠᠴᠠ ᠡᠮᠦᠨᠡᠰᠢ ᠪᠠᠨ ᠳᠤᠯᠠᠭᠠᠨ ᠤ ᠬᠡᠮᠵᠢᠶ᠎ᠡ 4  —  6 ᠭᠷᠡᠳᠦ᠋ᠰ ᠪᠠᠭᠤᠷᠠᠨ᠎ᠠ᠃ ᠵᠠᠷᠢᠮ ᠭᠠᠵᠠᠷ ᠤᠨ ᠳᠤᠯᠠᠭᠠᠨ ᠤ ᠬᠡᠮᠵᠢᠶ᠎ᠡ 8 — 10 ᠭᠷᠡᠳᠦ᠋ᠰ ᠪᠠᠭᠤᠷᠠᠨ᠎ᠠ᠃ ᠬᠥᠬᠡᠮᠥ᠋ᠷᠡᠨ ᠤ ᠳᠤᠮᠳᠠ ᠳᠣᠣᠷᠠᠳᠤ ᠤᠷᠤᠰᠬᠠᠯ ᠪᠣᠯᠣᠨ ᠬᠤᠶᠢᠰᠢᠬᠢ ᠣᠷᠣᠨ ᠳᠤ 4 — 5 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 6 — 8 ᠳᠡᠰ ᠲᠤ ᠬᠦᠷᠦᠨ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ