﹇ᠲᠤᠭ᠎ᠠ ᠪᠠᠷᠢᠮᠲᠠ ᠪᠠᠷ ᠦᠭᠦᠯᠡᠬᠦᠢ﹈ 2024 ᠣᠨ ᠤ 1 — 2 ᠳ᠋ᠤᠭᠠᠷ ᠰᠠᠷ᠎ᠠ ᠳᠤ ᠰᠢᠨ᠎ᠡ ᠪᠠᠷᠠᠭᠤᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠳᠠᠷᠤᠯᠲᠠ ᠶᠢ ᠳᠠᠭᠠᠭᠠᠵᠤ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/3/26
      ᠡᠨᠡ ᠵᠢᠯ ᠠᠴᠠ ᠨᠠᠰᠢ᠂ ᠬᠤᠰᠢᠭᠤᠨ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠳᠠᠶᠠᠭᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠠᠪᠤᠨ ᠶᠡᠭᠡ ᠡᠭᠦᠷᠭᠡ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠡᠯ᠎ᠡ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠰᠠᠶᠢᠲᠤᠷ ᠬᠡᠷᠡᠭᠵᠢᠭᠦᠯᠬᠦ ᠶᠢ ᠴᠢᠷᠮᠠᠶᠢᠨ ᠠᠬᠢᠭᠤᠯᠪᠠ᠃ 1 — 2 ᠳ᠋ᠤᠭᠠᠷ ᠰᠠᠷ᠎ᠠ ᠳᠤ ᠪᠦᠭᠦ ᠬᠤᠰᠢᠭᠤᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠯᠲᠠ ᠨᠡᠯᠢᠶᠡᠳ ᠶᠡᠭᠡ ᠪᠠᠶᠢᠵᠤ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ᠂ ᠠᠵᠤ ᠠᠬᠤᠢ ᠶᠢᠨ ᠡᠷᠭᠢᠯᠲᠡ ᠶᠢᠨ ᠳᠠᠷᠤᠯᠲᠠ ᠶᠡᠭᠡ ᠪᠠᠷ ᠨᠡᠮᠡᠭᠳᠡᠪᠡ᠃      ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠪᠠᠭᠤᠷᠠᠯᠲᠠ ᠶᠢᠨ ᠬᠡᠮᠵᠢᠶ᠎ᠡ ᠨᠡᠯᠢᠶᠡᠳ ᠶᠡᠭᠡ ᠪᠠᠶᠢᠨ᠎ᠠ       1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.9% ᠪᠠᠷ ᠪᠠᠭᠤᠷᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 63.9 ᠵᠠᠭᠤᠨ ᠤ ᠨᠢᠭᠡᠴᠢ ᠪᠠᠭᠤᠷᠠᠪᠠ᠃       ᠦᠢᠯᠡᠳᠬᠦᠨ ᠤ ᠭᠠᠷᠤᠯᠲᠠ ᠠᠴᠠ ᠦᠵᠡᠪᠡᠯ᠂ ᠪᠦᠭᠦ ᠬᠤᠰᠢᠭᠤᠨ ᠤ ᠭᠤᠣᠯ ᠪᠣᠯᠬᠤ 4 ᠵᠦᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠳᠣᠲᠣᠷ᠎ᠠ 2 ᠵᠦᠢᠯ ᠤᠨ ᠦᠢᠯᠡᠳᠬᠦᠨ ᠤ ᠭᠠᠷᠤᠯᠲᠠ ᠨᠡᠮᠡᠭᠳᠡᠵᠦ᠂ 2 ᠵᠦᠢᠯ ᠤᠨ ᠦᠢᠯᠡᠳᠬᠦᠨ ᠤ ᠭᠠᠷᠤᠯᠲᠠ ᠶᠡᠭᠡ ᠪᠠᠷ ᠳᠣᠷᠣᠭᠰᠢᠯᠠᠪᠠ᠂ ᠪᠣᠳᠠᠲᠠᠢ ᠢᠯᠡᠷᠡᠯ ᠨᠢ᠂ ᠬᠦᠷᠡᠩ ᠨᠡᠭᠦᠷᠡᠰᠦ ᠠᠳᠠᠯᠢ ᠬᠤᠭᠤᠴᠠᠭᠠᠨ ᠤ ᠬᠢ ᠠᠴᠠ 68.2% ᠢᠶᠠᠷ ᠨᠡᠮᠡᠭᠳᠡᠵᠦ᠂ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.2 ᠢᠶᠠᠷ ᠨᠡᠮᠡᠭᠳᠡᠵᠦ᠂ ᠴᠣᠬᠤᠢ ᠠᠳᠠᠯᠢ ᠬᠤᠭᠤᠴᠠᠭᠠᠨ ᠤ ᠬᠢ ᠠᠴᠠ 21.0% ᠢᠶᠠᠷ ᠪᠠᠭᠤᠷᠠᠵᠤ᠂ ᠵᠡᠰ ᠤᠨ ᠨᠠᠷᠢᠯᠢᠭ ᠬᠦᠳᠡᠷ ᠤᠨ ᠨᠤᠨᠳᠠᠭ ᠠᠳᠠᠯᠢ ᠬᠤᠭᠤᠴᠠᠭᠠᠨ ᠤ  ᠬᠢ ᠠᠴᠠ 14.5% ᠪᠠᠷ ᠳᠣᠷᠣᠭᠰᠢᠯᠠᠪᠠ᠃       ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠳᠡᠭᠡᠳᠦ ᠬᠤᠷᠳᠤᠴᠠ ᠪᠠᠷ ᠨᠡᠮᠡᠭᠳᠡᠪᠡ      1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 4 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ ᠡᠭᠦᠨ ᠳᠤ᠂ ᠠᠵᠤ ᠦᠢᠯᠡᠳᠪᠦᠷᠢ ᠶᠢᠨ ᠲᠥᠷᠥᠯ ᠵᠦᠢᠯ 3 ᠪᠣᠶ᠃ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 122% ᠢᠶᠠᠷ ᠨᠡᠮᠡᠭᠳᠡᠪᠡ᠂ ᠡᠭᠦᠨ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 128.3% ᠪᠠᠷ ᠨᠡᠮᠡᠭᠳᠡᠪᠡ᠃       ᠲᠠᠸᠠᠷ ᠤᠨ ᠭᠡᠷ ᠪᠠᠶᠢᠰᠢᠩ ᠢ ᠪᠣᠷᠣᠯᠠᠭᠤᠯᠤᠭᠰᠠᠨ ᠪᠠᠶᠢᠳᠠᠯ ᠨᠡᠯᠢᠶᠡᠳ ᠰᠠᠶᠢᠨ ᠪᠠᠶᠢᠨ᠎ᠠ᠃ 1 — 2 ᠳ᠋ᠤᠭᠠᠷ ᠰᠠᠷ᠎ᠠ ᠳᠤ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 4966 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 139.2% ᠢᠶᠠᠷ ᠨᠡᠮᠡᠭᠳᠡᠪᠡ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 1976 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 92.6% ᠪᠠᠷ ᠨᠡᠮᠡᠭᠳᠡᠪᠡ᠃      ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠢ ᠲᠣᠭᠲᠠᠭᠤᠨ ᠢᠶᠠᠷ ᠠᠵᠢᠯᠯᠠᠭᠤᠯᠪᠠ      1 — 2 ᠳ᠋ᠤᠭᠠᠷ ᠰᠠᠷ᠎ᠠ ᠳᠤ ᠪᠦᠭᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ 8269.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠠᠳᠠᠯᠢ ᠪᠣᠯᠪᠠ᠃      ᠳᠥᠷᠪᠡ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠡᠷᠴᠢᠮᠲᠡᠢ ᠪᠠᠶᠢᠨ᠎ᠠ      1 — 2 ᠳ᠋ᠤᠭᠠᠷ ᠰᠠᠷ᠎ᠠ ᠳᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠠᠷᠠᠯᠵᠢᠶᠠᠨ ᠤ ᠠᠷᠠᠯᠵᠢᠶ᠎ᠠ ᠪᠦᠲᠦᠭᠰᠡᠨ ᠲᠤᠭ᠎ᠠ 2431 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1436.0% ᠢᠶᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠬᠤ ᠠᠷᠠᠯᠵᠢᠶᠠᠨ ᠤ ᠠᠷᠠᠯᠵᠢᠶ᠎ᠠ ᠪᠦᠲᠦᠭᠰᠡᠨ ᠲᠤᠭ᠎ᠠ 1337 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1023.1% ᠪᠠᠷ ᠨᠡᠮᠡᠭᠳᠡᠵᠦ᠂ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠷᠠᠯᠵᠢᠶ᠎ᠠ ᠪᠦᠲᠦᠭᠰᠡᠨ ᠲᠤᠭ᠎ᠠ 1094 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2689.4% ᠪᠠᠷ ᠨᠡᠮᠡᠭᠳᠡᠪᠡ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 4167 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25.1% ᠪᠠᠷ ᠨᠡᠮᠡᠭᠳᠡᠪᠡ᠃ ᠡᠭᠦᠨ ᠳᠤ᠂ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠬᠡᠮᠵᠢᠶ᠎ᠡ 1076 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 65.2% ᠢᠶᠠᠷ ᠪᠠᠭᠤᠷᠠᠵᠤ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠬᠡᠮᠵᠢᠶ᠎ᠡ 3091 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1189.5% ᠪᠠᠷ ᠨᠡᠮᠡᠭᠳᠡᠪᠡ︔ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 12102 ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5028.0% ᠢᠶᠠᠷ ᠨᠡᠮᠡᠭᠳᠡᠪᠡ᠃ ᠡᠭᠦᠨ ᠳᠤ᠂ ᠬᠢᠯᠢ ᠪᠠᠷ ᠣᠷᠣᠵᠤ ᠢᠷᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 5860 ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3913.7% ᠪᠠᠷ ᠨᠡᠮᠡᠭᠳᠡᠵᠦ᠂ ᠬᠢᠯᠢ ᠪᠠᠷ ᠭᠠᠷᠤᠭᠰᠠᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 6242 ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6835.6% ᠪᠠᠷ ᠨᠡᠮᠡᠭᠳᠡᠪᠡ᠃       ᠲᠠᠪᠤ᠂ ᠡᠳ᠋ ᠤᠨ ᠵᠠᠰᠠᠭ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠪᠠ      1 — 2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠡᠳ᠋ ᠤᠨ ᠵᠠᠰᠠᠭ ᠤᠨ ᠶᠡᠷᠦᠩᠬᠡᠢ ᠣᠷᠣᠯᠭ᠎ᠠ 24147 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40.0% ᠢᠶᠠᠷ ᠳᠣᠷᠣᠭᠰᠢᠯᠠᠪᠠ᠂ ᠡᠭᠦᠨ ᠳᠤ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7740 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.6% ᠪᠠᠷ ᠳᠣᠷᠣᠭᠰᠢᠯᠠᠪᠠ︔ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ 23054 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14.0% ᠢᠶᠠᠷ ᠨᠡᠮᠡᠭᠳᠡᠪᠡ᠃       ᠶᠡᠷᠦᠩᠬᠡᠢ ᠳᠤᠨᠢ ᠠᠪᠴᠤ ᠦᠵᠡᠪᠡᠯ᠂ 1 — 2 ᠳ᠋ᠤᠭᠠᠷ ᠰᠠᠷ᠎ᠠ ᠳᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠶᠡᠭᠡ ᠬᠡᠮᠵᠢᠶ᠎ᠡ ᠪᠠᠷ ᠪᠠᠭᠤᠷᠠᠬᠤ ᠨᠥᠯᠥᠭᠡ ᠠᠴᠠ ᠪᠣᠯᠵᠤ᠂ ᠪᠦᠬᠦ ᠬᠤᠰᠢᠭᠤᠨ ᠤ ᠠᠵᠤ ᠠᠬᠤᠢ ᠳᠠᠷᠤᠯᠲᠠ ᠶᠢ ᠳᠠᠭᠠᠭᠠᠵᠤ ᠰᠠᠶᠢᠨ ᠡᠬᠢᠯᠡᠯᠲᠡ ᠲᠠᠢ ᠪᠣᠯᠵᠤ᠂ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠰᠠᠶᠢᠵᠢᠷᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠡᠯ᠎ᠡ ᠱᠠᠲᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠡᠷᠦᠩᠬᠡᠢ ᠬᠥᠭ ᠠᠶᠠᠰ ᠢ ᠪᠠᠷᠢᠮᠲᠠᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ᠂ ᠡᠯ᠎ᠡ ᠵᠦᠢᠯ ᠤᠨ ᠲᠣᠭᠲᠠᠭᠤᠨ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢᠨ ᠬᠠᠩᠭᠠᠯᠭ᠎ᠠ ᠶᠢ ᠦᠷᠭᠦᠯᠵᠢᠯᠡᠨ ᠴᠢᠩᠭᠠᠳᠬᠠᠵᠤ᠂ ᠨᠠᠷᠢᠯᠢᠭ ᠣᠨᠣᠪᠴᠢᠲᠠᠢ ᠦᠢᠯᠡᠴᠢᠯᠡᠬᠦ ᠶᠢ ᠲᠣᠪᠤᠶᠢᠯᠭᠠᠨ᠂ ᠪᠥᠬᠦ ᠬᠤᠰᠢᠭᠤᠨ ᠤ ᠠᠵᠤ ᠠᠬᠤᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ