﹇ᠲᠤᠭ᠎ᠠ ᠪᠠᠷᠢᠮᠲᠠ﹈ 2024 ᠣᠨ ᠤ 1 — 2 ᠳ᠋ᠤᠭᠠᠷ ᠰᠠᠷ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/3/26
      1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 25.9% ᠪᠠᠷ ᠪᠠᠭᠤᠷᠠᠪᠠ᠃       1 — 2 ᠰᠠᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠭᠤᠷᠪᠠ ᠳᠡᠭᠡᠭᠰᠢᠯᠡᠵᠦ ᠬᠤᠶᠠᠷ ᠪᠠᠭᠤᠷᠠᠬᠤ ᠪᠠᠶᠢᠳᠠᠯ ᠲᠠᠢ ᠪᠣᠯᠪᠠ᠃ ᠳᠠᠷᠠᠭᠠᠯᠠᠯ ᠨᠢ᠄ ᠨᠡᠭᠦᠷᠡᠰᠦᠨ ᠤ ᠭᠠᠷᠤᠯᠲᠠ ᠠᠳᠠᠯᠢ ᠬᠤᠭᠤᠴᠠᠭᠠᠨ ᠤ ᠬᠢ ᠠᠴᠠ 68.2% ᠢᠶᠠᠷ ᠨᠡᠮᠡᠭᠳᠡᠵᠦ᠂ ᠢᠯᠴᠢ ᠬᠠᠩᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 15.5% ᠪᠠᠷ ᠨᠡᠮᠡᠭᠳᠡᠵᠦ᠂ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠵᠦ᠂ ᠵᠡᠰ ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 14.52% ᠪᠠᠷ ᠪᠠᠭᠤᠷᠠᠵᠤ᠂ ᠴᠣᠬᠤᠢ ᠶᠢᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 21.0% ᠢᠶᠠᠷ ᠪᠠᠭᠤᠷᠠᠪᠠ᠃       1 — 2 ᠳ᠋ᠤᠭᠠᠷ ᠰᠠᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 3.6 ᠳ᠋ᠦᠩᠰᠢᠭᠤᠷ ᠲᠥᠭᠦᠷᠢᠭ ᠲᠤ ᠬᠦᠢᠷᠴᠤ᠂ ᠠᠳᠠᠯᠢ ᠬᠤᠭᠤᠴᠠᠭᠠᠨ ᠤ ᠬᠢ ᠠᠴᠠ 25% ᠪᠠᠷ ᠳᠣᠷᠣᠭᠰᠢᠯᠠᠵᠤ᠂ ᠡᠵᠡᠩᠨᠡᠯᠲᠡ ᠶᠢᠨ ᠣᠷᠣᠯᠭ᠎ᠠ 10.1 ᠳ᠋ᠦᠩᠰᠢᠭᠤᠷ ᠲᠥᠭᠦᠷᠢᠭ ᠲᠤ ᠬᠦᠢᠷᠴᠤ᠂ ᠠᠳᠠᠯᠢ ᠬᠤᠭᠤᠴᠠᠭᠠᠨ ᠤ ᠬᠢ ᠠᠴᠠ 7.3% ᠢᠶᠠᠷ ᠳᠣᠷᠣᠭᠰᠢᠯᠠᠵᠤ᠂ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠤᠷᠮ᠎ᠠ 35.6% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4 ᠵᠠᠭᠤᠨ ᠤ ᠨᠢᠭᠡᠴᠢ ᠳᠣᠷᠣᠭᠰᠢᠯᠠᠪᠠ︔ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠶᠢᠨ ᠳᠣᠲᠣᠷᠠᠬᠢ ᠥᠪᠡᠷ ᠤᠨ ᠥᠷᠲᠡᠭ ᠨᠢ 47.5 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6.2 ᠲᠥᠭᠦᠷᠢᠭ ᠨᠡᠮᠡᠭᠳᠡᠪᠡ᠃ ᠠᠵᠤ ᠦᠢᠯᠡᠳᠪᠦᠷᠢ ᠶᠢᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 117.7% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.9 ᠵᠠᠭᠤᠨ ᠤ ᠨᠢᠭᠡᠴᠢ ᠳᠡᠭᠡᠭᠰᠢᠯᠡᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠵᠣᠯᠭᠠᠯᠳᠤᠯ ᠰᠠᠶᠢᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ