ᠮᠠᠨ ᠤ ᠬᠤᠰᠢᠭᠤ 2024 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
      3 ᠰᠠᠷ᠎ᠠ ᠶᠢᠨ 25 ᠤ ᠡᠳᠦᠷ᠂ ᠮᠠᠨ ᠤ ᠬᠤᠰᠢᠭᠤ 2024 ᠣᠨ ᠤ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠦᠷᠭᠡᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
3.26司法行政1.jpg
      ᠬᠤᠷᠠᠯ ᠳᠡᠭᠡᠷ᠎ᠡ᠂ ᠪᠦᠬᠦ ᠤᠯᠤᠰ ᠤᠨ ᠬᠠᠤᠯᠢ ᠴᠠᠭᠠᠵᠠ ᠶᠢᠨ ᠲᠢᠩᠬᠢᠮ ︵ᠲᠣᠪᠴᠢᠶ᠎ᠠ︶ ᠤᠨ ᠳᠠᠷᠤᠭ᠎ᠠ ᠨᠠᠷ ᠤᠨ ᠬᠤᠷᠠᠯ᠂ ᠪᠦᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ᠂ ᠪᠦᠬᠦ ᠬᠤᠳᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ 2023 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠯᠣᠭᠰᠠᠨ ᠠᠮᠵᠢᠯᠲᠠ ᠶᠢ ᠳ᠋ᠦᠩᠨᠡᠵᠦ᠂ 2024 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃       ᠬᠤᠷᠠᠯ ᠠᠴᠠ᠂ 2023 ᠣᠨ ᠳᠤ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠤᠨ ᠲᠥᠯᠥᠭᠡ ᠬᠠᠤᠯᠢ ᠪᠠᠷᠢᠬᠤ᠂ ᠬᠠᠤᠯᠢ ᠪᠠᠷ ᠵᠠᠰᠠᠬᠤ ᠶᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠬᠠᠤᠯᠢ ᠪᠠᠷ ᠵᠠᠰᠠᠬᠤ᠂ ᠡᠩᠬᠡ ᠠᠮᠤᠭᠤᠯᠠᠩ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠠᠨᠤᠮᠵᠢᠲᠠᠶ ᠰᠢᠯᠭᠠᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃ ᠨᠢᠭᠡ ᠵᠢᠯ ᠤᠨ ᠲᠤᠷᠰᠢ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠥᠬᠦ ᠲᠠᠯ᠎ᠠ ᠪᠠᠷ ᠬᠠᠤᠯᠢ ᠶᠣᠰᠣᠭᠠᠷ ᠬᠤᠰᠢᠭᠤ ᠶᠢ ᠵᠠᠰᠠᠬᠤ ᠠᠵᠢᠯ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠬᠠᠤᠯᠢ ᠲᠦᠭᠡᠮᠡᠯᠵᠢᠭᠦᠯᠬᠦ ᠬᠥᠮᠦᠵᠢᠯ ᠤᠨ ᠠᠵᠢᠯ ᠰᠢᠨ᠎ᠡ ᠱᠠᠲᠤᠨ ᠳᠤ ᠣᠷᠣᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠦᠷᠭᠡᠳᠬᠡᠨ ᠳᠡᠭᠡᠭᠰᠢᠯᠡᠭᠦᠯᠵᠦ᠂ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ ᠪᠣᠳᠠᠲᠤ ᠦᠷ᠎ᠡ ᠪᠦᠲᠦᠮᠵᠢ ᠣᠯᠪᠠ ᠭᠡᠵᠡᠢ᠃
3.26司法行政2.jpg
      ᠥᠷᠭᠡᠨ᠂ 2024 ᠣᠨ ᠳᠤ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠤᠰᠯᠠᠭᠤᠯᠤᠨ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠥᠯᠢ ᠪᠠᠷ ᠵᠠᠰᠠᠬᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠪᠠᠶᠢᠭᠤᠯᠬᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠥᠯᠢ ᠪᠠᠷ ᠵᠠᠰᠠᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ ᠪᠠ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠪᠠᠷ ᠥᠪᠡᠷᠲᠡᠭᠡᠨ ᠵᠠᠰᠠᠬᠤ ᠣᠷᠣᠨ ᠤ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠲᠤᠯᠭᠠᠭᠤᠷᠢᠯᠠᠬᠤ ᠪᠠ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
3.26司法行政4.jpg
      ᠬᠤᠷᠠᠯ ᠠᠴᠠ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ᠂ ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠵᠢᠷᠭᠤᠭᠠᠨ ︽ᠪᠠᠲᠤ ᠡᠵᠡᠮᠳᠡᠬᠦ︾ ᠠᠵᠢᠯ ᠤᠨ ᠠᠷᠭ᠎ᠠ ᠬᠡᠮᠵᠢᠶ᠎ᠡ ᠪᠠ ᠭᠠᠷᠳᠠᠨ ᠬᠢᠬᠦ ᠴᠡᠭ ᠢᠶᠠᠷ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠲᠣᠮᠤ ᠶᠠᠪᠤᠳᠠᠯ ᠳᠤ ᠰᠠᠭᠤᠷᠢᠯᠠᠨ᠂ ᠤᠯᠤᠰ ᠲᠥᠷᠥ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠥᠯᠢ ᠪᠠᠷ ᠵᠠᠰᠠᠬᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠰᠠᠭᠤᠷᠢ ᠶᠢ ᠴᠢᠨᠠᠭᠰᠢᠳᠠ ᠪᠠᠬᠢᠵᠢᠭᠦᠯᠦᠨ᠂ ᠮᠡᠳᠡᠭᠡ ᠵᠠᠩᠭᠢᠵᠢᠯᠲᠠ ᠪᠠᠷ ᠬᠥᠳᠡᠯᠭᠡᠭᠦᠷ ᠪᠣᠯᠭᠠᠬᠤ ᠶᠢ ᠳᠣᠪᠤᠶᠢᠯᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ︽ᠶᠡᠭᠡ ᠠᠮᠤᠷ ᠲᠦᠪᠰᠢᠨ︾ ᠤ ᠠᠵᠢᠯ ᠤᠨ ᠪᠠᠶᠢᠷᠢᠰᠢᠯ ᠢ ᠢᠳᠡᠪᠬᠢᠲᠡᠢ ᠪᠠᠶᠢᠭᠤᠯᠵᠤ᠂ ᠠᠷᠠᠳ ᠤᠨ ᠲᠥᠯᠥᠭᠡ ᠬᠠᠤᠯᠢ ᠪᠠᠷ ᠵᠠᠰᠠᠬᠤ ᠶᠢ ᠶᠡᠬᠡᠪᠡᠷ ᠦᠢᠯᠡᠳᠦᠯᠭᠡᠵᠢᠭᠦᠯᠵᠦ᠂ ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠠᠵᠢᠯ ᠢ ᠴᠢᠩᠭᠠᠳᠬᠠᠨ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠡᠮᠦᠷ ᠴᠡᠷᠢᠭ ᠢ ᠬᠦᠴᠦᠯᠡᠨ ᠪᠣᠯᠪᠠᠰᠤᠷᠠᠭᠤᠯᠵᠤ᠂ ᠣᠪᠣᠷ ᠰᠤᠷᠲᠠᠯ ᠤᠨ ᠬᠤᠪᠢᠷᠠᠭᠤᠯᠤᠯᠲᠠ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠳᠤᠲᠠᠭᠤᠳᠠᠯ ᠢ ᠨᠥᠬᠦᠪᠦᠷᠢᠯᠡᠵᠦ᠂ ᠳᠠᠪᠠᠭᠤᠯᠢᠭ ᠢ ᠪᠠᠳᠠᠷᠠᠭᠤᠯᠤᠨ᠂ ᠬᠡᠪ ᠴᠢᠨᠠᠷ ᠢ ᠴᠢᠩᠭᠠᠳᠬᠠᠵᠤ᠂ ᠳᠦᠷᠢ ᠲᠥᠷᠬᠦ ᠶᠢ ᠪᠣᠶ ᠪᠣᠯᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠣᠳᠣᠬᠢᠴᠢᠯᠠᠯᠲᠠ ᠪᠠᠷ ᠣᠳᠣᠬᠢᠴᠢᠯᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠲᠤᠯᠠᠭᠤᠷᠢᠯᠠᠬᠤ ᠪᠠ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ