2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠰᠠᠶᠢᠲᠤᠷ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/27
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ ᠳᠤ᠄       ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠦᠨ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠵᠤ᠂ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠥᠨᠢ ᠡᠭᠦᠷᠢᠳᠡ ᠠᠰᠢᠭᠯᠠᠬᠤ ᠶᠢ ᠪᠡᠶᠡᠯᠡᠭᠦᠯᠬᠦ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠢᠢᠳᠪᠦᠷᠢ ᠪᠠᠷ ᠳᠠᠮᠵᠢᠨ᠂ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ᠃ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠶᠢᠨ ᠲᠦᠯᠦᠭᠡ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠪᠡᠯᠴᠢᠭᠡᠷ ᠰᠡᠷᠭᠦᠭᠡᠬᠦ ᠬᠤᠭᠤᠴᠠᠭ᠎ᠠ      ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠤᠨᠤᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠡᠪᠡᠰᠦ ᠪᠡᠯᠴᠢᠭᠡᠷ ᠤᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠬᠤᠭᠤᠴᠠᠭ᠎ᠠ ᠶᠢ 4 ᠰᠠᠷ᠎ᠠ ᠶᠢᠨ 10᠎ ᠤ ᠡᠳᠦᠷ ᠠᠴᠠ 5 ᠰᠠᠷ᠎ᠠ ᠶᠢᠨ 25᠎ ᠤ ᠡᠳᠦᠷ ᠪᠣᠯᠲᠠᠯ᠎ᠠ᠂ ᠨᠡᠶᠢᠲᠡ 45 ᠡᠳᠦᠷ ᠬᠡᠷᠡᠭᠵᠢᠭᠦᠯᠬᠦ ᠪᠠᠷ ᠲᠣᠭᠲᠠᠪᠠ᠃      ᠬᠤᠶᠠᠷ᠂ ᠪᠡᠯᠴᠢᠭᠡᠷ ᠰᠡᠷᠭᠦᠭᠡᠬᠦ ᠬᠡᠪᠴᠢᠶ᠎ᠡ      ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠪᠥᠬᠦ ᠬᠤᠰᠢᠭᠤᠨ ᠤ 7 ᠰᠤᠮᠤ ᠪᠠᠯᠭᠠᠰᠤ ᠶᠢᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠳᠠᠬᠢ ᠦᠬᠡᠷ᠂ ᠠᠳᠤᠭᠤ᠂ ᠬᠤᠨᠢ ᠢᠮᠠᠭ᠎ᠠ ᠳᠤ ᠪᠡᠯᠴᠢᠭᠡᠷ ᠰᠡᠷᠭᠦᠭᠡᠬᠦ ᠳᠦᠷᠢᠮ ᠢ ᠬᠡᠷᠡᠭᠵᠢᠭᠦᠯᠵᠦ᠂ ᠲᠡᠮᠡᠭᠡ ᠶᠢ ᠪᠡᠯᠴᠢᠭᠡᠷ ᠰᠡᠷᠭᠦᠭᠡᠬᠦ ᠬᠡᠪᠴᠢᠶᠡᠨ ᠳᠤ ᠪᠠᠭᠲᠠᠭᠠᠬᠤ ᠦᠭᠡᠢ᠂ ᠪᠥᠬᠦ ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ︵ᠪᠡᠯᠴᠢᠭᠡᠷ ᠰᠡᠷᠭᠦᠭᠡᠬᠦ ᠣᠷᠣᠨ︶᠎ ᠤ ᠲᠠᠯᠠᠪᠠᠶ ᠨᠡᠶᠢᠲᠡ 3128.67 ᠲᠦᠮᠡᠨ ᠮᠦ ᠪᠣᠯᠣᠨ᠎ᠠ᠃      ᠭᠤᠷᠪᠠ᠂ ᠨᠥᠬᠦᠪᠦᠷᠢ ᠥᠭᠬᠦ ᠪᠠᠷᠢᠮᠵᠢᠶ᠎ᠠ      ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠶᠢᠨ ᠲᠦᠯᠦᠭᠡ᠂ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠭᠰᠡᠨ ᠨᠤᠲᠤᠭ ᠪᠡᠯᠴᠢᠭᠡᠷ ᠤᠨ ᠲᠠᠯᠠᠪᠠᠶ ᠪᠠᠷ ᠬᠡᠮᠵᠢᠶᠡᠯᠡᠨ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ ᠮᠤ᠋ ᠪᠦᠷᠢ ᠳᠤ 0.738824 ᠲᠥᠭᠦᠷᠢᠭ ᠪᠣᠯᠣᠨ᠎ᠠ᠃      ᠳᠥᠷᠪᠡ᠂ ᠮᠠᠯ ᠤᠨ ᠬᠦᠳᠡᠯᠭᠡᠭᠡᠨ ᠤ ᠲᠠᠯᠠᠪᠤᠷ ᠭᠠᠷᠭᠠᠬᠤ      ᠮᠠᠯᠵᠢᠬᠤ ᠡᠷᠦᠬᠡ ᠳᠤ ᠬᠢᠨᠠᠨ ᠲᠣᠭᠲᠠᠭᠠᠭᠰᠠᠨ ᠨᠤᠲᠤᠭ ᠪᠡᠯᠴᠢᠭᠡᠷ ᠤᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠨᠢᠭᠡ ᠬᠤᠨᠢ ᠨᠢ ᠨᠢᠭᠡ ᠬᠤᠨᠢᠴᠢᠯᠠᠭᠰᠠᠨ ᠨᠢᠭᠡᠴᠡ ᠲᠠᠢ ᠲᠡᠩᠴᠡᠵᠦ᠂ ᠪᠣᠳᠠ ᠮᠠᠯ ᠢ 5 ᠬᠤᠨᠢᠴᠢᠯᠠᠭᠰᠠᠨ ᠨᠢᠭᠡᠴᠡ ᠪᠠᠷ ᠪᠤᠳᠤᠵᠤ᠂ ᠬᠤᠨᠢᠴᠢᠯᠠᠭᠰᠠᠨ ᠨᠢᠭᠡᠴᠡ ᠪᠦᠷᠢ ᠶᠢᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠬᠦᠳᠡᠯᠭᠡᠭᠡᠨ ᠤ ᠲᠠᠯᠠᠪᠤᠷ ᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ ᠬᠦᠳᠡᠯᠭᠡᠭᠡᠨ ᠤ ᠲᠠᠯᠠᠪᠤᠷ ᠢ ᠮᠠᠯ ᠤᠨ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠲᠣᠬᠢᠷᠠᠭᠤᠯᠬᠤ ᠶᠢᠨ ᠬᠠᠮᠲᠤ ᠢᠯᠡᠷᠬᠡᠢ ᠫᠠᠶᠢᠰᠠ ᠢᠯᠡᠷᠬᠡᠶᠢᠯᠡᠯ ᠪᠠᠶᠢᠬᠤ ᠬᠡᠷᠡᠭᠲᠡᠢ᠃ ᠡᠭᠦᠨ ᠤ ᠬᠠᠮᠲᠤ᠂ ᠲᠦᠯ ᠮᠠᠯ ᠬᠦᠬᠦᠭᠦᠯᠬᠦ ᠬᠦᠳᠡᠯᠭᠡᠭᠡᠨ ᠤ ᠲᠠᠯᠠᠪᠤᠷ ᠢ ᠵᠣᠬᠢᠬᠤ ᠬᠡᠮᠵᠢᠶ᠎ᠡ ᠪᠠᠷ ᠲᠣᠬᠢᠷᠠᠭᠤᠯᠵᠤ᠂ ᠬᠤᠷᠠᠭ᠎ᠠ ᠲᠠᠢ ᠬᠤᠨᠢ ᠪᠦᠷᠢ ᠳᠤ 0.5 ᠮᠦ ᠠᠴᠠ ᠬᠡᠲᠦᠷᠡᠭᠦᠯᠵᠦ ᠪᠣᠯᠬᠤ ᠦᠭᠡᠢ᠃      ᠲᠠᠪᠤ᠂ ᠨᠥᠬᠦᠪᠦᠷᠢ ᠥᠭᠬᠦ ᠠᠯᠬᠤᠮ ᠳᠠᠷᠠᠭ᠎ᠠ      ᠭᠠᠴᠠᠭ᠎ᠠ ᠪᠠᠷ ᠨᠢᠭᠡᠴᠡ ᠪᠣᠯᠭᠠᠨ ᠬᠠᠷᠢᠶ᠎ᠠ ᠰᠤᠮᠤ ᠪᠠᠯᠭᠠᠰᠤ ᠳᠠᠭᠠᠨ ᠮᠡᠳᠡᠭᠦᠯᠵᠦ᠂ ᠰᠤᠮᠤ ᠪᠠᠯᠭᠠᠰᠤ ᠨᠢ ᠭᠠᠴᠠᠭ᠎ᠠ ᠪᠠᠷ ᠨᠢᠭᠡᠴᠡ ᠪᠣᠯᠭᠠᠨ ᠬᠢᠨᠠᠨ ᠬᠠᠷᠭᠤᠭᠤᠯᠵᠤ ᠢᠯᠡ ᠪᠠᠷ ᠨᠡᠶᠢᠲᠡᠯᠡᠨ᠎ᠡ᠂ ᠢᠯᠡ ᠪᠠᠷ ᠨᠡᠶᠢᠲᠡᠯᠡᠬᠦ ᠬᠤᠭᠤᠴᠠᠭ᠎ᠠ ᠨᠢ 5 ᠡᠳᠦᠷ ᠪᠠᠶᠢᠵᠤ᠂ ᠢᠯᠡ ᠪᠠᠷ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠵᠦ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠂ ︽ᠪᠦᠬᠦᠨ ᠳᠤ ᠲᠣᠬᠢᠷᠠᠬᠤ ᠺᠠᠷᠲ︾᠎ ᠢᠶᠠᠷ ᠳᠠᠮᠵᠢᠭᠤᠯᠤᠨ ᠨᠦᠬᠦᠪᠦᠷᠢ ᠮᠦᠩᠭᠦ ᠶᠢ ᠲᠠᠷᠬᠠᠭᠠᠨ᠎ᠠ᠃      ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ      ︵ᠨᠢᠭᠡ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠥᠷᠭᠡᠨ ᠤᠯᠠᠨ ᠮᠠᠯᠵᠢᠬᠤ ᠡᠷᠥᠭᠡ ᠨᠤᠲᠤᠭ ᠪᠡᠯᠴᠢᠭᠡᠷ ᠢ ᠬᠠᠮᠠᠭᠠᠯᠠᠬᠤ ᠡᠭᠦᠷᠭᠡ ᠶᠢ ᠤᠬᠠᠮᠰᠠᠷ ᠠᠴᠠ ᠪᠠᠨ ᠭᠦᠢᠴᠡᠳᠬᠡᠵᠦ᠂ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠳᠤ ᠢᠳᠡᠪᠬᠢᠲᠡᠢ ᠬᠠᠮᠵᠢᠯᠴᠠᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃      ︵ᠬᠤᠶᠠᠷ︶ ᠬᠦᠳᠡᠯᠭᠡᠭᠡᠨ ᠤ ᠲᠠᠯᠠᠪᠤᠷ ᠢ ᠮᠠᠯ ᠤᠨ ᠬᠠᠰᠢᠶ᠎ᠠ ᠰᠠᠷᠠᠪᠴᠢ ᠶᠢᠨ ᠡᠷᠬᠢᠨ ᠲᠣᠭᠤᠷᠢᠨ ᠳᠤ ᠲᠣᠬᠢᠷᠠᠭᠤᠯᠬᠤ ᠶᠢᠨ ᠬᠠᠮᠲᠤ ᠲᠣᠳᠣᠷᠬᠠᠢ ᠫᠠᠶᠢᠰᠠ ᠢᠯᠡᠷᠬᠡᠶᠢᠯᠡᠯ ᠪᠠᠶᠢᠬᠤ ᠬᠡᠷᠡᠭᠲᠡᠢ᠂ ᠤᠰᠤᠯᠠᠬᠤ᠂ ᠲᠡᠵᠢᠭᠡᠯ ᠥᠭᠬᠦ ᠵᠡᠷᠭᠡ ᠪᠠᠷ ᠰᠢᠯᠲᠠᠭ ᠪᠣᠯᠭᠠᠵᠤ ᠪᠡᠯᠴᠢᠭᠡᠷ ᠲᠤ ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠮᠠᠯ ᠤᠨ ᠬᠦᠳᠡᠯᠭᠡᠭᠡᠨ ᠤ ᠲᠠᠯᠠᠪᠤᠷ ᠲᠤ ᠬᠤᠳᠳᠤᠭ ᠪᠠᠶᠢᠬᠤ ᠦᠭᠡᠢ ᠡᠷᠦᠬᠡ ᠳᠤ ᠤᠰᠤᠯᠠᠯᠲᠠ ᠶᠢᠨ ᠵᠠᠮ ᠭᠠᠷᠭᠠᠬᠤ ᠶᠢ ᠵᠥᠪᠰᠢᠶᠡᠷᠡᠵᠦ᠂ ᠥᠷᠭᠡᠨ ᠢᠶᠠᠷ ᠢᠶᠠᠨ 100 ᠮᠧᠲᠷ ᠠᠴᠠ ᠬᠡᠲᠦᠷᠡᠵᠦ ᠪᠣᠯᠬᠤ ᠦᠭᠡᠢ ᠪᠥᠭᠡᠳ ᠫᠠᠶᠢᠰᠠ ᠢᠯᠡᠷᠬᠡᠶᠢᠯᠡᠯ ᠳᠡᠭᠡᠷ᠎ᠡ ᠲᠡᠮᠳᠡᠭᠯᠡᠨ ᠲᠣᠳᠣᠷᠬᠠᠶᠢᠯᠠᠬᠤ ᠬᠡᠷᠡᠭᠲᠡᠢ᠃      ︵ᠭᠤᠷᠪᠠ︶ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯ ᠤᠨ ᠬᠦᠳᠡᠯᠭᠡᠭᠡᠨ ᠤ ᠲᠠᠯᠠᠪᠤᠷ ᠢ ᠲᠣᠭᠲᠠᠭᠠᠨ᠂ ᠭᠠᠴᠠᠭ᠎ᠠ ᠪᠠ ᠮᠠᠯᠴᠢᠳ ᠢ ᠵᠣᠬᠢᠶᠠᠨ ᠪᠠᠶᠢᠭᠤᠯᠤᠨ ᠪᠡᠯᠴᠢᠭᠡᠷ ᠰᠡᠷᠭᠦᠭᠡᠬᠦ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠮᠠᠯᠵᠢᠬᠤ ᠡᠷᠦᠬᠡ ᠶᠢ ᠱᠠᠯᠠᠪᠳᠠᠨ ᠮᠠᠯ ᠢᠶᠠᠨ ᠪᠦᠬᠦᠨ ᠢ ᠬᠠᠰᠢᠶᠠᠯᠠᠨ ᠲᠡᠵᠢᠭᠡᠵᠦ᠂ ᠡᠪᠡᠰᠦ ᠪᠣᠷᠳᠤᠭ᠎ᠠ ᠶᠢ ᠭᠦᠢᠴᠡᠳ ᠪᠡᠯᠡᠳᠬᠡᠬᠦ ᠬᠡᠷᠡᠭᠲᠡᠢ᠃ ᠭᠠᠴᠠᠭᠠᠨ ᠤ ︽ᠬᠤᠶᠠᠷ ᠵᠥᠪᠯᠡᠯ︾ ᠪᠠ ᠮᠠᠯᠵᠢᠬᠤ ᠡᠷᠦᠬᠡ ᠶᠢ ᠵᠣᠬᠢᠶᠠᠨ ᠪᠠᠶᠢᠭᠤᠯᠤᠨ ᠬᠦᠳᠡᠯᠭᠡᠭᠡᠨ ᠤ ᠲᠠᠯᠠᠪᠤᠷ ᠤᠨ ᠬᠠᠰᠢᠶ᠎ᠠ ᠰᠠᠷᠠᠪᠴᠢ᠂ ᠮᠠᠯ ᠤᠰᠤᠯᠠᠬᠤ ᠵᠠᠮ ᠭᠠᠷᠭᠠᠵᠤ᠂ ᠫᠠᠶᠢᠰᠠ ᠢᠯᠡᠷᠬᠡᠶᠢᠯᠡᠯ ᠳᠡᠭᠡᠷ᠎ᠡ ᠮᠠᠯᠵᠢᠬᠤ ᠡᠷᠦᠬᠡ ᠶᠢᠨ ᠣᠪᠣᠭ ᠨᠡᠷ᠎ᠡ᠂ ᠳᠥᠷᠪᠡᠨ ᠵᠠᠬ᠎ᠠ ᠶᠢᠨ ᠵᠠᠭᠠᠭ ᠬᠢᠵᠠᠭᠠᠷ᠂ ᠨᠤᠲᠤᠭ ᠪᠡᠯᠴᠢᠭᠡᠷ ᠤᠨ ᠲᠠᠯᠠᠪᠠᠶ᠂ ᠮᠠᠯ ᠤᠨ ᠲᠤᠭ᠎ᠠ ᠲᠣᠯᠣᠭᠠᠢ ᠵᠡᠷᠭᠡ ᠶᠢ ᠲᠡᠮᠳᠡᠭᠯᠡᠬᠦ ᠬᠡᠷᠡᠭᠲᠡᠢ᠃       ︵ᠳᠥᠷᠪᠡ︶ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠲᠣᠭᠲᠠᠭᠠᠯ ᠢ ᠵᠦᠷᠢᠴᠡᠭᠰᠡᠨ ᠮᠠᠯᠵᠢᠬᠤ ᠡᠷᠦᠬᠡ ᠶᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠭᠤᠴᠢᠨ ᠲᠠᠪᠤᠳᠤᠭᠠᠷ ᠵᠦᠢᠯ ᠤᠨ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠪᠡᠯᠴᠢᠭᠡᠷ ᠰᠡᠷᠭᠦᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠤᠶᠠᠷ ᠤᠳᠠᠭ᠎ᠠ ᠠᠴᠠ ᠳᠡᠭᠡᠭᠰᠢ ᠪᠡᠯᠴᠢᠭᠡᠷ ᠲᠤ ᠭᠠᠷᠭᠠᠭᠰᠠᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠲᠤᠬᠠᠢ ᠶᠢᠨ ᠵᠢᠯ ᠤᠨ ᠪᠡᠯᠴᠢᠭᠡᠷ ᠰᠡᠷᠭᠦᠭᠡᠬᠦ ᠨᠥᠬᠦᠪᠦᠷᠢ ᠮᠥᠩᠭᠦ ᠶᠢ ᠬᠠᠰᠤᠬᠤ ᠶᠢᠨ ᠬᠠᠮᠲᠤ ᠢᠯᠡ ᠪᠠᠷ ᠨᠡᠶᠢᠲᠡᠯᠡᠨ᠎ᠡ᠃ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠡᠯ᠎ᠡ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠢᠬᠦ ᠵᠢᠴᠢ ᠨᠤᠲᠤᠭ ᠪᠡᠯᠴᠢᠭᠡᠷ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠠᠵᠢᠯ ᠥᠷᠨᠢᠭᠦᠯᠬᠦ ᠶᠢ ᠬᠠᠷᠢᠭᠤᠴᠠᠨ᠎ᠠ︔ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠤᠰᠤᠨ ᠠᠰᠢᠭᠯᠠᠯᠲᠠ ᠶᠢᠨ ᠲᠣᠪᠴᠢᠶ᠎ᠠ︶ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠡᠪᠡᠰᠦ ᠪᠣᠷᠳᠤᠭ᠎ᠠ ᠨᠥᠭᠡᠴᠡᠯᠡᠬᠦ᠂ ᠤᠰᠤ ᠤᠮᠳᠠ ᠶᠢᠨ ᠪᠠᠲᠤᠯᠠᠭ᠎ᠠ ᠵᠢᠴᠢ ᠮᠡᠷᠭᠡᠵᠢᠯ ᠤᠨ ᠵᠢᠯᠣᠭᠤᠳᠤᠯᠭ᠎ᠠ ᠬᠢᠬᠦ ᠠᠵᠢᠯ ᠢ ᠬᠠᠷᠢᠭᠤᠴᠠᠨ᠎ᠠ︔ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠦᠨᠳᠦᠰᠦᠯᠡᠨ᠂ ᠨᠥᠬᠦᠪᠦᠷᠢ ᠮᠥᠩᠭᠦ ᠶᠢᠨ ᠬᠠᠮᠢᠶᠠᠷᠤᠯᠲᠠ ᠪᠠ ᠲᠠᠷᠬᠠᠭᠠᠬᠤ ᠠᠵᠢᠯ ᠢ ᠬᠠᠷᠢᠭᠤᠴᠠᠨ᠎ᠠ᠃      ︵ᠲᠠᠪᠤ︶ ᠪᠡᠯᠴᠢᠭᠡᠷ ᠰᠡᠷᠭᠦᠭᠡᠬᠦ ᠬᠤᠭᠤᠴᠠᠭᠠᠨ ᠳᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠲᠣᠬᠢᠷᠠᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠲᠠᠯᠪᠢᠵᠤ᠂ ᠳᠠᠯᠳᠠᠭᠤᠷ ᠮᠠᠯᠵᠢᠬᠤ ᠠᠵᠢᠯᠯᠠᠭ᠎ᠠ ᠶᠢ ᠢᠳᠡᠪᠬᠢᠲᠡᠢ ᠢᠯᠡᠴᠢᠯᠡᠨ ᠮᠡᠳᠡᠭᠦᠯᠬᠦ ᠶᠢ ᠬᠦᠰᠡᠵᠦ ᠪᠠᠶᠢᠨ᠎ᠠ᠃      ᠢᠯᠡᠴᠢᠯᠡᠨ ᠮᠡᠳᠡᠭᠦᠯᠬᠦ ᠤᠲᠠᠰᠤ᠄      ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 0470 ︱ 6401803      ᠠᠯᠳ᠋ᠬᠠᠮᠡᠭᠡᠯ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 15904701114       ᠠᠷᠤᠬᠠᠰᠢᠶᠠᠲᠤ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 15391106373      ᠬᠥᠯᠥᠨ ᠪᠠᠯᠭᠠᠰᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 18647002179       ᠬᠡᠷᠦᠯᠦᠨ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 15947742566       ᠪᠤᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 13664741418       ᠳᠠᠯᠠᠢ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 18804992511       ᠪᠣᠭᠳᠠᠠᠭᠤᠯᠠ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ 13848905152                    ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2024 ᠣᠨ ᠤ 3 ᠰᠠᠷ᠎ᠠ ᠶᠢᠨ 25᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ