ᠰᠦᠯᠵᠢᠶᠡᠨ ᠤ ᠲᠠᠩᠨᠠᠭᠤᠯ ᠳᠤ ᠤᠴᠠᠷᠠᠬᠰᠠᠨ ᠳᠤ ᠲᠡᠷᠡ ᠢᠯᠡᠴᠢᠯᠡᠨ  ᠮᠡᠳᠡᠭᠦᠯᠦᠭᠡᠳ 25000 ᠲᠥᠭᠦᠷᠢᠭ ᠤᠨ ᠱᠠᠩᠨᠠᠯ ᠣᠯᠪᠠ︕
ᠨᠡᠶᠢᠲᠡᠯᠡᠭᠰᠡᠨ ᠴᠠᠭ᠄
2024/3/27
      ᠤᠯᠤᠰ ᠤᠨ ᠠᠮᠤᠷ ᠲᠦᠪᠰᠢᠨ ᠤ ᠶᠠᠮᠤᠨ ᠤ 25 ᠤ ᠡᠳᠦᠷ ᠤᠨ ᠮᠡᠳᠡᠭᠡ ᠶᠢ ᠦᠨᠳᠦᠰᠦᠯᠡᠪᠡᠯ᠄ 2023 ᠣᠨ ᠳᠤ᠂ ᠨᠢᠭᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠵᠠᠯᠠᠭᠤ ᠵᠢᠷᠤᠭ ᠲᠥᠯᠥᠪᠯᠡᠭᠴᠢ ᠠ ᠴᠢᠶᠠᠩ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠶᠢᠨ 12339 ᠢᠯᠡᠴᠢᠯᠡᠨ ᠮᠡᠳᠡᠭᠦᠯᠬᠦ ᠤᠳᠠᠰᠤ  ᠶᠢ ᠤᠳᠠᠰᠤᠳᠠᠵᠦ᠂ ᠨᠢᠭᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠷᠢᠯᠴᠠᠭᠠᠨ ᠤ ᠲᠠᠪᠴᠠᠩ  ᠳᠠᠬᠢ ︽ᠳᠠᠯᠳᠠ ᠰᠡᠭᠦᠳᠡᠷ  Dark︾ ᠭᠡᠬᠦ ᠨᠡᠷ᠎ᠡ ᠲᠠᠢ ᠨᠢᠭᠡᠨ ᠬᠡᠷᠡᠭᠯᠡᠭᠴᠢ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠨᠢ ᠰᠡᠵᠢᠭᠲᠡᠶ ᠪᠦᠭᠡᠳ ᠬᠢᠯᠢ ᠶᠢᠨ ᠭᠠᠳᠠᠨᠠᠬᠢ ᠲᠠᠩᠨᠠᠭᠤᠯ ᠤᠨ ᠠᠵᠢᠯᠲᠠᠨ ᠪᠠᠶᠢᠵᠤ ᠮᠡᠳᠡᠨ᠎ᠡ ᠭᠡᠵᠦ ᠮᠡᠳᠡᠭᠦᠯᠵᠡᠢ᠃ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠶᠢᠨ ᠬᠢᠨ ᠡᠭᠦᠨ ᠢ ᠦᠨᠳᠦᠰᠦᠯᠡᠨ ᠰᠦᠯᠵᠢᠶᠡᠨ ᠤ ᠭᠤᠬ᠎ᠠ ᠶᠢᠨ ᠬᠡᠷᠡᠭ ᠢ ᠢᠯᠡᠷᠡᠭᠦᠯᠦᠭᠰᠡᠨ ᠪᠥᠭᠡᠳ ᠢᠯᠡᠴᠢᠯᠡᠨ ᠮᠡᠳᠡᠭᠦᠯᠦᠭᠴᠢ ᠠ ᠴᠢᠶᠠᠩ ᠢ  ᠲᠤᠰᠬᠠᠶᠢᠯᠠᠨ ᠬᠥᠬᠢᠭᠦᠯᠦᠨ ᠱᠠᠩᠨᠠᠪᠠ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ