ᠬᠡᠷᠡᠭᠯᠡᠬᠦ ᠶᠢ ᠵᠤᠬᠰᠤᠭᠠᠵᠤ᠂ ᠡᠭᠡᠭᠦᠯᠦᠨ ᠠᠪᠴᠢᠷᠠᠨ᠎ᠠ︕ ᠡᠨᠡ ᠡᠮ ᠨᠢ ᠣᠯᠠᠨ ᠬᠥᠮᠦᠨ ᠢ ᠪᠥᠭᠡᠷᠡᠨ ᠡᠪᠡᠳᠴᠢᠨ ᠲᠠᠢ ᠪᠤᠯᠭᠠᠪᠠ
ᠨᠡᠶᠢᠲᠡᠯᠡᠭᠰᠡᠨ ᠴᠠᠭ᠄
2024/3/27
      22 ᠤᠨ ᠡᠳᠦᠷ᠂ ᠶᠠᠫᠣᠨ ᠤ ᠨᠠᠷᠠᠲᠤ ᠡᠮ ᠤᠨ ᠠᠵᠤ ᠠᠬᠤᠶᠢᠯᠠᠯ ᠪᠤᠯᠬᠤ ᠰᠢᠶᠤᠤ ᠯᠢᠨ ᠡᠮ ᠦᠢᠯᠡᠳᠬᠦ ᠺᠣᠮᠫᠠᠨᠢ ᠶᠢᠨ ᠬᠢᠨ  ᠬᠡᠯᠡᠬᠦ ᠳᠡᠭᠡᠨ᠂ ᠲᠣᠰ ᠺᠣᠮᠫᠠᠨᠢ ᠶᠢᠨ ᠦᠢᠯᠡᠳᠪᠦᠷᠢᠯᠡᠭᠰᠡᠨ ᠤᠯᠠᠭᠠᠨ ᠬᠥᠷᠥᠩᠭᠡ ᠶᠢᠨ ᠪᠦᠷᠢᠯᠳᠦᠬᠦᠨ ᠠᠭᠤᠯᠤᠬᠰᠠᠨ ᠡᠷᠡᠭᠦᠯᠵᠢᠯ ᠤᠨ ᠡᠳ᠋ ᠢ ᠭᠡᠷᠡᠭᠯᠡᠵᠦ ᠪᠠᠶᠢᠭ᠎ᠠ ᠬᠡᠰᠡᠭ ᠬᠡᠷᠡᠭᠯᠡᠭᠴᠢᠳ ᠣᠶᠢᠷ᠎ᠠ ᠳᠤ ᠪᠥᠭᠡᠷ᠎ᠡ ᠶᠢᠨ ᠡᠪᠡᠳᠴᠢᠨ ᠵᠡᠷᠭᠡ ᠡᠪᠡᠳᠴᠢᠨ ᠡᠮᠭᠡᠭ ᠠᠴᠠ ᠪᠣᠯᠤᠭᠰᠠᠨ ᠡᠪᠡᠳᠴᠢᠨ ᠤ ᠢᠯᠡᠷᠡᠯ ᠰᠢᠨᠵᠢ ᠭᠠᠷᠴᠠᠶ᠃ ᠡᠨᠡ ᠬᠦ ᠪᠠᠶᠢᠳᠠᠯ ᠢ ᠦᠨᠳᠦᠰᠦᠯᠡᠨ᠂ ᠺᠣᠮᠫᠠᠨᠢ ᠶᠢᠨ ᠬᠢᠨ ᠬᠤᠯᠪᠣᠭᠳᠠᠯ ᠪᠦᠬᠦᠢ ᠪᠦᠷᠢᠯᠳᠦᠬᠦᠨ ᠠᠭᠤᠯᠤᠬᠰᠠᠨ 3 ᠵᠦᠢᠯ ᠤᠨ ᠦᠢᠯᠡᠳᠬᠦᠨ ᠢ ᠡᠭᠡᠭᠦᠯᠦᠨ ᠠᠪᠴᠢᠷᠠᠬᠤ ᠪᠠᠷ ᠲᠣᠭᠲᠠᠭᠰᠠᠨ ᠪᠥᠭᠡᠳ ᠬᠡᠷᠡᠭᠯᠡᠭᠴᠢᠳ ᠢ ᠡᠨᠡ 3 ᠵᠦᠢᠯ ᠤᠨ ᠦᠢᠯᠡᠳᠬᠦᠨ ᠢ ᠭᠡᠷᠡᠭᠯᠡᠬᠦ ᠪᠠᠨ ᠲᠠᠷᠤᠢ ᠲᠦᠷᠭᠡᠨ ᠵᠣᠭᠰᠣᠬᠤ ᠶᠢ ᠤᠷᠢᠶᠠᠯᠠᠪᠠ᠃ ᠶᠠᠫᠣᠨ ᠤ ᠵᠠᠭᠤᠴᠢᠯᠠᠭᠤᠷ ᠤᠨ ᠮᠡᠳᠡᠭᠡᠯᠡᠭᠰᠡᠨ ᠢᠶᠠᠷ᠂ ᠡᠭᠡᠭᠦᠯᠦᠨ ᠠᠪᠴᠢᠷᠠᠭᠰᠠᠨ ᠲᠤᠭ᠎ᠠ ᠬᠡᠮᠵᠢᠶ᠎ᠡ ᠨᠢ ᠪᠠᠷᠤᠭ 30 ᠲᠦᠮᠡᠨ ᠬᠤᠪᠢ ᠳᠤ ᠬᠦᠷᠴᠡᠶ᠃      ᠲᠣᠰ ᠤᠳᠠᠭᠠᠨ ᠤ ᠡᠭᠡᠭᠦᠯᠦᠨ ᠠᠪᠴᠢᠷᠠᠭᠰᠠᠨ ᠬᠠᠮᠢᠶ᠎ᠠ ᠪᠥᠬᠦᠶ ᠡᠷᠡᠭᠦᠯᠵᠢᠯ ᠤᠨ ᠡᠳ᠋ ᠨᠢ ᠶᠠᠫᠣᠨ ᠤ ᠴᠥᠭᠡᠨ ᠪᠤᠰᠤ ᠡᠮ ᠵᠠᠰᠠᠯ ᠤᠨ ᠳᠡᠯᠭᠡᠭᠦᠷ ᠲᠤ ᠴᠥᠮ ᠪᠣᠷᠣᠯᠠᠭᠤᠯᠵᠤ ᠪᠠᠶᠢᠭᠰᠠᠨ ᠪᠣᠯᠬᠤᠷ ᠶᠠᠫᠣᠨ ᠳᠤ ᠠᠶᠢᠯᠴᠢᠯᠠᠭᠰᠠᠨ ᠬᠡᠰᠡᠭ ᠵᠢᠭᠤᠯᠴᠢᠯᠠᠭᠴᠢᠳ ᠬᠠᠮᠢᠶ᠎ᠠ ᠪᠥᠬᠦᠶ ᠦᠢᠯᠡᠳᠬᠦᠨ ᠢ ᠬᠤᠳᠠᠯᠳᠤᠨ ᠠᠪᠤᠬᠰᠠᠨ ᠪᠣᠯᠤᠯᠴᠠᠭ᠎ᠠ ᠲᠠᠢ ᠶᠤᠮ᠃ ᠡᠭᠦᠨ ᠠᠴᠠ ᠭᠠᠳᠠᠨ᠎ᠠ᠂ ᠣᠳᠣᠬᠠᠨ ᠳᠤ ᠳᠤᠮᠳᠠᠳᠤ ᠤᠯᠤᠰ ᠤᠨ ᠤᠯᠤᠰ ᠤᠨ ᠳᠣᠲᠣᠭᠠᠳᠤ ᠶᠢᠨ ᠬᠡᠰᠡᠭ ᠡᠯᠧᠺᠲᠷᠣᠨ ᠬᠤᠳᠠᠯᠳᠤᠭᠠᠨ ᠤ ᠰᠦᠯᠵᠢᠶ᠎ᠡ ᠮᠥᠨ ᠯᠡ ᠬᠤᠯᠪᠣᠭᠳᠠᠯ ᠪᠥᠬᠦᠶ ᠦᠢᠯᠡᠳᠬᠦᠨ ᠢ ᠪᠣᠷᠣᠯᠠᠭᠤᠯᠵᠤ ᠪᠠᠶᠢᠨ᠎ᠠ᠂ ᠠᠳᠡ ᠡᠷᠡᠭᠦᠯᠵᠢᠯ ᠤᠨ ᠡᠳ᠋ ᠬᠤᠳᠠᠯᠳᠤᠨ ᠠᠪᠤᠭᠰᠠᠨ ᠬᠡᠷᠡᠭᠯᠡᠭᠴᠢᠳ ᠠᠯᠢ ᠲᠦᠷᠭᠡᠨ ᠢᠶᠠᠷ ᠦᠢᠯᠡᠳᠬᠦᠨ ᠢ ᠨᠤᠲᠠᠯᠠᠬᠤ ᠶᠢᠨ ᠬᠠᠮᠲᠤ ᠭᠡᠷᠡᠭᠯᠡᠬᠦ ᠪᠠᠨ ᠵᠤᠬᠰᠤᠬᠤ ᠶᠢ ᠰᠠᠨᠠᠭᠤᠯᠤᠶ᠎ᠠ᠂ ᠦᠢᠯᠡᠳᠪᠦᠷᠢ ᠶᠢᠨ ᠬᠤᠳᠠᠯᠳᠤᠭᠠᠴᠢᠨ ᠨᠢᠭᠡᠨᠲᠡ ᠡᠭᠡᠭᠦᠯᠦᠨ ᠠᠪᠴᠢᠷᠠᠬᠤ ᠪᠠᠷ ᠵᠠᠷᠯᠠᠵᠠᠢ ᠬᠡᠪᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ