ᠵᠠᠮ ᠬᠠᠷᠢᠯᠴᠠᠭ᠎ᠠ ᠳᠤ ᠦᠷᠭᠦᠯᠵᠢᠯᠡᠨ ᠵᠠᠬᠢᠷᠤᠨ ᠬᠠᠮᠢᠶᠠᠷᠤᠯᠲᠠ ᠬᠢᠬᠦ ᠲᠤᠬᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/29
      ᠶᠡᠭᠡ ᠰᠠᠯᠬᠢ᠂ ᠴᠠᠰᠤ ᠪᠣᠷᠤᠭ᠎ᠠ᠂ ᠠᠭᠠᠷ ᠤᠨ ᠳᠤᠯᠠᠭᠠᠨ ᠳᠣᠷᠣᠭᠰᠢᠯᠠᠬᠤ ᠵᠡᠷᠭᠡ ᠠᠭᠤᠷ ᠠᠮᠢᠰᠬᠤᠯ ᠤᠨ ᠨᠥᠯᠥᠭᠡ ᠠᠴᠠ ᠪᠣᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠷᠢᠶᠠᠨ ᠳᠠᠬᠢ ᠤᠯᠤᠰ ᠤᠨ ᠵᠠᠮ ᠮᠤᠵᠢ ᠶᠢᠨ ᠵᠠᠮ ᠳᠡᠭᠡᠷ᠎ᠡ ᠴᠠᠰᠤ ᠬᠤᠷᠠᠵᠤ᠂ ᠮᠥᠰᠥ ᠬᠦᠯᠳᠡᠨ᠂ ᠮᠠᠰᠢᠨ ᠲᠡᠷᠭᠡ ᠨᠡᠪᠲᠡᠷᠡᠬᠦ ᠳᠤ ᠬᠦᠴᠢᠷ ᠪᠣᠯᠪᠠ᠃ ᠵᠠᠮ ᠬᠠᠷᠢᠯᠴᠠᠭᠠᠨ ᠤ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠳᠥᠴᠢᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠠᠴᠠ ᠬᠠᠷᠢᠶ᠎ᠠ ᠣᠷᠣᠨ ᠳᠠᠬᠢ ᠬᠡᠰᠡᠭ ᠵᠠᠮ ᠤᠨ ᠬᠡᠰᠡᠭ ᠲᠤ ᠲᠦᠷ ᠴᠠᠭ ᠤᠨ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠬᠡᠷᠡᠭᠵᠢᠭᠦᠯᠬᠦ ᠪᠠᠷ ᠲᠣᠭᠲᠠᠪᠠ᠂ ᠪᠣᠳᠠᠲᠠᠢ ᠱᠠᠭᠠᠷᠳᠠᠯᠭ᠎ᠠ ᠨᠢ ᠳᠣᠣᠷᠠᠬᠢ ᠮᠡᠲᠦ᠄      ᠨᠢᠭᠡ᠂ ᠵᠠᠬᠢᠷᠤᠨ ᠬᠠᠮᠢᠶᠠᠷᠤᠯᠲᠠ ᠬᠢᠬᠦ ᠵᠠᠮ ᠤᠨ ᠬᠡᠰᠡᠭ      ︵ᠨᠢᠭᠡ︶ G331 ᠤᠯᠤᠰ ᠤᠨ ᠵᠠᠮ ᠤᠨ 4893km — 5062km ᠤᠨ ᠬᠡᠰᠡᠭ ︵ᠮᠠᠨᠵᠤᠤᠷ ᠤᠨ ᠪᠠᠷᠠᠭᠤᠨ ᠵᠠᠬ᠎ᠠ ᠠᠴᠠ ᠣᠷᠱᠣᠨ ᠬᠥᠭᠦᠷᠭᠡ ᠬᠦᠷᠲᠡᠯ᠎ᠡ︶︔      ︵ᠬᠤᠶᠠᠷ︶ X347 ᠰᠢᠶᠠᠨ ᠤ ᠵᠠᠮ ᠤᠨ 14km — 183km ᠤᠨ ᠬᠡᠰᠡᠭ ︵ᠮᠠᠨᠵᠤᠤᠷ ᠤᠨ ᠪᠠᠷᠠᠭᠤᠨ ᠵᠠᠬ᠎ᠠ ᠠᠴᠠ ᠣᠷᠱᠣᠨ ᠬᠥᠭᠦᠷᠭᠡ ᠬᠦᠷᠲᠡᠯ᠎ᠡ︶︔      ︵ᠭᠤᠷᠪᠠ︶ S306 ᠮᠤᠵᠢ ᠶᠢᠨ ᠵᠠᠮ ︵ᠠᠷᠤᠬᠠᠰᠢᠶᠠᠲᠦ ᠪᠣᠭᠤᠮᠲᠠ ᠶᠢᠨ ᠵᠠᠰᠠᠮᠠᠯ ᠵᠠᠮ︶ ᠤᠨ 1km — 81km ᠤᠨ ᠬᠡᠰᠡᠭ ︵ᠠᠯᠳ᠋ᠬᠠᠮᠡᠭᠡᠯ ᠪᠠᠯᠭᠠᠰᠤ ᠶᠢᠨ ᠪᠠᠷᠠᠭᠤᠨ ᠵᠠᠬ᠎ᠠ ᠠᠴᠠ ᠠᠷᠤᠬᠠᠰᠢᠶᠠᠲᠦ ᠪᠠᠯᠭᠠᠰᠤ ᠬᠦᠷᠲᠡᠯ᠎ᠡ︶᠃       ᠬᠤᠶᠠᠷ᠂ ᠵᠠᠬᠢᠷᠤᠨ ᠬᠠᠮᠢᠶᠠᠷᠤᠯᠲᠠ ᠬᠢᠬᠦ ᠬᠤᠭᠤᠴᠠᠭ᠎ᠠ      2024 ᠣᠨ ᠤ 3 ᠰᠠᠷ᠎ᠠ ᠶᠢᠨ 29 ᠤ ᠡᠳᠦᠷ ᠵᠠᠮ ᠬᠠᠷᠢᠯᠴᠠᠭᠠᠨ ᠤ ᠲᠦᠷ ᠴᠠᠭ ᠤᠨ ᠵᠠᠬᠢᠷᠤᠨ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃       ᠵᠠᠬᠢᠷᠤᠨ ᠬᠠᠮᠢᠶᠠᠷᠤᠯᠲᠠ ᠬᠢᠬᠦ ᠬᠤᠭᠤᠴᠠᠭᠠᠨ ᠳᠤ ᠪᠦᠷᠢᠳᠦ ᠰᠦᠢᠳᠬᠡᠯ ᠬᠤᠷᠢᠶᠠᠬᠤ ᠦᠷᠳᠡᠭᠡ ᠶᠢ ᠬᠠᠭᠠᠵᠤ᠂ ᠶᠠᠮᠠᠷᠪᠠ ᠪᠠᠶᠢᠭᠤᠯᠭ᠎ᠠ ᠨᠢᠭᠡᠴᠡ᠂ ᠬᠤᠪᠢ ᠬᠥᠮᠥᠨ ᠤ ᠮᠠᠰᠢᠨ ᠲᠡᠷᠭᠡ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ ᠢᠳᠬᠠᠨ ᠬᠤᠷᠢᠭᠯᠠᠬᠤ ᠶᠢ ᠰᠣᠨᠣᠰᠬᠤ ᠦᠭᠡᠢ  ᠠᠯᠪᠠ ᠪᠠᠷ ᠭᠠᠷᠴᠤ ᠶᠠᠪᠤᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢᠨ ᠶᠡᠷᠡ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠶᠠᠷ ᠵᠠᠭᠤᠨ ᠲᠥᠭᠦᠷᠢᠭ ᠠᠴᠠ ᠳᠡᠭᠡᠭᠰᠢ ᠬᠤᠶᠠᠷ ᠮᠢᠩᠭᠠᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠠᠷᠪᠠᠨ ᠲᠠᠪᠤᠨ ᠡᠳᠦᠷ ᠠᠴᠠ ᠳᠣᠷᠣᠭᠰᠢ ᠲᠦᠷ ᠬᠤᠷᠢᠬᠤ ᠪᠠᠷ ᠨᠡᠶᠢᠯᠡᠭᠦᠯᠦᠨ ᠰᠢᠢᠳᠬᠡᠨ᠎ᠡ᠃       ᠭᠤᠷᠪᠠ᠂ ᠳᠣᠲᠣᠨᠣ ᠰᠠᠨᠠᠭᠤᠯᠤᠮᠵᠢ      ᠵᠠᠬᠢᠷᠤᠨ ᠬᠠᠮᠢᠶᠠᠷᠤᠯᠲᠠ ᠬᠢᠵᠦ ᠪᠠᠶᠢᠭ᠎ᠠ ᠵᠠᠮ ᠤᠨ ᠬᠡᠰᠡᠭ ᠠᠴᠠ ᠭᠠᠳᠠᠨ᠎ᠠ᠂ ᠬᠠᠷᠢᠶ᠎ᠠ ᠣᠷᠣᠨ ᠳᠠᠬᠢ ᠬᠡᠰᠡᠭ ᠵᠠᠮ ᠤᠨ ᠬᠡᠰᠡᠭ ᠲᠤ ᠴᠠᠰᠤ ᠬᠤᠷᠠᠬᠤ᠂ ᠮᠥᠰᠥ ᠬᠥᠯᠳᠡᠬᠦ ᠦᠵᠡᠭᠳᠡᠯ ᠣᠷᠣᠰᠢᠵᠤ᠂ ᠵᠠᠮ ᠨᠡᠪᠲᠡᠷᠡᠯᠭᠡ ᠶᠢᠨ ᠨᠥᠬᠦᠴᠡᠯ ᠪᠠᠷᠤᠭᠲᠠᠢ ᠪᠥᠭᠡᠳ ᠶᠡᠭᠡ ᠰᠠᠯᠬᠢ ᠮᠥᠨ ᠯᠡ ᠦᠷᠭᠦᠯᠵᠢᠯᠡᠵᠦ ᠪᠠᠶᠢᠭ᠎ᠠ ᠪᠣᠯᠬᠤᠷ ᠥᠷᠭᠡᠨ ᠣᠯᠠᠨ ᠲᠦᠮᠡᠨ ᠭᠠᠳᠠᠭᠰᠢ ᠭᠠᠷᠬᠤ ᠪᠠᠨ ᠠᠯᠢ ᠴᠢᠳᠠᠬᠤ ᠪᠠᠷ ᠪᠠᠭᠠᠰᠬᠠᠵᠤ᠂ ᠦᠨᠡᠨᠬᠦ ᠲᠡᠷᠭᠡ ᠵᠢᠯᠤᠭᠤᠳᠬᠤ ᠴᠢᠬᠤᠯᠠᠲᠠᠢ ᠪᠣᠯ᠂ ︽ᠲᠡᠷᠭᠡᠨ ᠤ ᠬᠤᠷᠳᠤᠴᠠ ᠪᠠᠨ ᠤᠳᠠᠭᠠᠰᠢᠷᠠᠭᠤᠯᠵᠤ᠂ ᠲᠡᠷᠭᠡᠨ ᠤ ᠬᠤᠭᠤᠷᠣᠨᠳᠤᠬᠢ ᠵᠠᠢ ᠪᠠᠨ ᠡᠵᠡᠮᠳᠡᠵᠦ᠂ ᠲᠡᠷᠭᠡᠨ ᠤ ᠰᠡᠭᠦᠯ ᠤᠨ ᠳ᠋ᠧᠩ ᠢᠶᠠᠨ ᠭᠡᠷᠡᠯᠲᠦᠭᠦᠯᠬᠦ︾ ᠶᠢ ᠪᠠᠲᠤ ᠴᠡᠭᠡᠵᠢᠯᠡᠵᠦ᠂ ᠬᠢᠴᠢᠶᠡᠮᠵᠢᠲᠡᠢ ᠵᠢᠯᠤᠭᠤᠳᠴᠤ᠂ ᠠᠳᠡᠯ ᠬᠡᠷᠡᠭ ᠭᠠᠷᠬᠤ ᠶᠢ ᠰᠡᠷᠭᠡᠶᠢᠯᠡᠨ᠂ ᠪᠠᠴᠢᠮ ᠪᠠᠶᠢᠳᠠᠯ ᠲᠣᠬᠢᠶᠠᠯᠳᠤᠪᠠᠯ 122 ᠶᠢ ᠤᠲᠠᠰᠤᠳᠠᠭᠠᠷᠠᠢ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ                   ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ                               ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ                               2024 ᠣᠨ ᠤ 3 ᠰᠠᠷ᠎ᠠ ᠶᠢᠨ 29 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ