ᠬᠤᠰᠢᠭᠤᠨ ᠤ ᠤᠳᠤᠷᠢᠳᠤᠯᠭ᠎ᠠ ᠪᠠᠢ ᠴᠦᠨ ᠮᠧᠶ ᠬᠡᠷᠦᠯᠦᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠭᠤᠣᠯᠳᠠᠯᠭ᠎ᠠ ᠲᠠᠢ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 27 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠶ ᠪᠦᠯᠬᠦᠮ ᠳᠠᠭᠠᠭᠤᠯᠤᠨ ᠬᠡᠷᠦᠯᠦᠨ ᠰᠤᠮᠤᠨ ᠳᠤ ᠭᠦᠨᠵᠡᠭᠡᠶᠢᠷᠡᠵᠦ ᠭᠤᠣᠯᠳᠠᠯᠭ᠎ᠠ ᠲᠠᠢ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠠᠷ ᠪᠠᠷ᠎ᠠ ᠪᠣᠯᠪᠠ᠃
3.29白旗1.png
      ᠪᠠᠶᠢᠴᠠᠭᠠᠨ ᠰᠤᠳᠤᠯᠬᠤ ᠳᠤᠭᠤᠶᠢᠯᠠᠩ ᠡᠩ ᠲᠡᠷᠢᠭᠦᠨ ᠳᠤ ᠬᠡᠷᠦᠯᠦᠨ ᠰᠤᠮᠤ ᠶᠢᠨ ᠪᠠᠶᠠᠨᠠᠭᠤᠯᠠ ᠨᠡᠶᠢᠭᠡᠮ ᠲᠣᠭᠤᠷᠢᠭ ᠤᠨ ᠪᠠᠶᠢᠭ᠎ᠠ ᠭᠠᠵᠠᠷ ᠲᠤ ᠬᠦᠷᠴᠦ᠂ ᠬᠤᠲᠠ ᠶᠢᠨ ᠳᠡᠰ ᠤᠨ ᠡᠮᠦᠨ᠎ᠡ ᠡᠩᠨᠡᠭᠡᠨ ᠤ ᠰᠠᠬᠢᠭᠤᠯ ᠤᠨ ᠴᠡᠷᠢᠭ ᠤᠨ ᠣᠷᠣᠵᠤ ᠰᠠᠭᠤᠬᠤ ᠠᠰᠠᠭᠤᠳᠠᠯ᠂ ᠭᠠᠯ ᠢ ᠰᠡᠷᠭᠡᠶᠢᠯᠡᠬᠦ ᠠᠵᠢᠯ ᠤᠨ ᠦᠨᠳᠦᠰᠦᠨ ᠪᠠᠶᠢᠳᠠᠯ ᠪᠠ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠯᠢᠭ ᠣᠶᠢᠯᠠᠭᠠᠬᠤ ᠶᠢᠨ ᠬᠠᠮᠲᠤ᠂ ᠣᠳᠣᠬᠠᠨ ᠳᠤ ᠲᠤᠯᠠᠭᠠᠷᠠᠵᠤ ᠪᠠᠶᠢᠭ᠎ᠠ ᠠᠰᠠᠭᠤᠳᠠᠯ ᠤᠳ ᠤᠨ ᠲᠤᠬᠠᠢ ᠰᠠᠨᠠᠯ ᠢᠶᠠᠨ ᠰᠣᠯᠢᠯᠴᠠᠵᠤ᠂ ᠦᠨᠡᠨᠬᠦ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ ᠳᠤᠷᠠᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠰᠤᠮᠤᠨ ᠤ ᠭᠠᠯ ᠢ ᠰᠡᠷᠭᠡᠶᠢᠯᠡᠬᠦ ᠰᠠᠭᠤᠷᠢ ᠲᠥᠬᠦᠭᠡᠷᠦᠮᠵᠢ ᠪᠠ ᠲᠡᠷᠭᠡ ᠬᠥᠰᠬᠡ ᠲᠣᠬᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠭᠠᠯ ᠢ ᠰᠡᠷᠭᠡᠶᠢᠯᠡᠬᠦ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ ᠠᠷᠠᠴᠢᠯᠠᠨ ᠬᠠᠮᠠᠭᠠᠯᠠᠬᠤ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠭᠠᠯ ᠢ ᠰᠡᠷᠭᠡᠶᠢᠯᠡᠬᠦ ᠬᠤᠭᠤᠴᠠᠭᠠᠨ ᠳᠤ ᠪᠠᠴᠢᠮ ᠪᠠᠶᠢᠳᠠᠯ ᠢ ᠠᠷᠭᠠᠴᠠᠬᠤ ᠠᠵᠢᠯᠲᠠᠳ ᠴᠠᠭ ᠢᠮᠠᠭᠲᠠ ᠵᠠᠷᠯᠢᠭ ᠬᠦᠯᠢᠶᠡᠬᠦ ᠪᠠᠶᠢᠳᠠᠯ ᠳᠤ ᠪᠠᠶᠢᠵᠤ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
3.29白旗2.png
      ᠳᠠᠷᠠᠭ᠎ᠠ ᠨᠢ᠂ ᠰᠣᠮᠣᠨ ᠤ ᠬᠤᠷᠠᠯ ᠤᠨ ᠭᠡᠷ ᠲᠤ ᠶᠠᠷᠢᠯᠴᠠᠬᠤ ᠬᠤᠷᠠᠯ ᠬᠢᠪᠡ᠃ ᠬᠤᠷᠠᠯ ᠳᠡᠭᠡᠷ᠎ᠡ᠂ ᠬᠡᠷᠦᠯᠦᠨ ᠰᠣᠮᠣ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠨᠠᠷᠠᠰᠤ ᠰᠤᠮᠤᠨ ᠤ ᠣᠳᠣᠬᠠᠨ ᠤ ᠬᠠᠪᠤᠷ ᠤᠨ ᠤᠯᠠᠷᠢᠯ ᠤᠨ ᠲᠥᠯ ᠲᠤᠰᠴᠤ ᠪᠣᠶᠢᠵᠢᠭᠤᠯᠬᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠲᠠᠢ ᠤᠶᠠᠯᠳᠤᠭᠤᠯᠤᠨ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠪᠡ᠃ ᠪᠠᠶᠢᠴᠠᠭᠠᠨ ᠰᠤᠳᠤᠯᠬᠤ ᠳᠤᠭᠤᠶᠢᠯᠠᠩ ᠬᠡᠷᠦᠯᠦᠨ ᠰᠣᠮᠣ ᠶᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠭᠦᠢᠴᠡᠳ ᠨᠤᠲᠠᠯᠠᠬᠤ ᠶᠢᠨ ᠬᠠᠮᠲᠤ ᠵᠢᠯᠤᠭᠤᠳᠬᠤ ᠴᠢᠨᠠᠷᠲᠠᠢ ᠰᠠᠨᠠᠯ ᠳᠤᠷᠠᠳᠪᠠ᠃
3.29白旗3.png
      ᠪᠠᠢ ᠴᠦᠨ ᠮᠧᠢ᠂ ᠨᠢᠭᠡ ᠳᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠳ᠃ ᠬᠡᠷᠦᠯᠦᠨ ᠰᠤᠮᠤ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠲᠠᠯᠠᠪᠠᠶ ᠪᠠᠷ ᠬᠠᠮᠤᠭ ᠤᠨ ᠶᠡᠭᠡ᠂ ᠬᠢᠯᠢ ᠶᠢᠨ ᠱᠤᠭᠤᠮ ᠢᠶᠠᠷ ᠬᠠᠮᠤᠭ ᠤᠨ ᠣᠷᠳᠣ ᠬᠢᠯᠢ ᠶᠢᠨ ᠰᠤᠮᠤ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠵᠤ᠂ ᠬᠢᠯᠢ ᠬᠠᠮᠠᠭᠠᠯᠠᠭᠴᠢ ᠶᠢ ᠰᠣᠩᠭᠤᠨ ᠬᠡᠷᠡᠭᠯᠡᠬᠦ ᠪᠣᠭᠤᠮᠲᠠ ᠶᠢ ᠴᠢᠩᠭ᠎ᠠ ᠠᠳᠬᠤᠵᠤ᠂ ᠡᠷᠬᠢᠨ ᠲᠣᠭᠤᠷᠢᠨ ᠤ ᠲᠣᠬᠢᠷᠠᠭᠤᠯᠵᠤ ᠪᠣᠯᠬᠤᠶᠢᠴᠠ ᠬᠦᠴᠦᠨ ᠢ ᠭᠦᠢᠴᠡᠳ ᠳᠠᠶᠢᠴᠢᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠶᠡᠷᠦᠩᠬᠡᠶᠢᠯᠡᠭᠰᠡᠨ ᠬᠡᠪ ᠴᠢᠨᠠᠷ ᠪᠠ ᠭᠠᠯ ᠤᠨᠲᠠᠷᠠᠭᠠᠬᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠤᠬᠠᠭᠤᠯᠭ᠎ᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ᠮᠠᠯᠴᠢᠨ ᠲᠦᠮᠡᠨ ᠤ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠳᠤ ᠪᠥᠬᠦ ᠰᠤᠮᠤ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠭᠤᠷᠪᠠ ᠳᠤ ᠭᠠᠯ ᠤᠨᠲᠠᠷᠠᠭᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠬᠠᠷᠢᠭᠤᠴᠠᠬᠤ ᠳᠦᠷᠢᠮ ᠢᠶᠠᠷ ᠭᠤᠣᠯ ᠪᠣᠯᠭᠠᠭᠰᠠᠨ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠭᠠᠴᠠᠭᠠᠨ ᠤ ᠤᠳᠤᠷᠢᠳᠤᠯᠭ᠎ᠠ᠂ ︽ᠬᠤᠶᠠᠷ ᠵᠥᠪᠯᠡᠯ︾ ᠤᠨ ᠺᠠᠳ᠋ᠷ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠭᠡᠰᠢᠭᠦᠳ ᠪᠠ ᠮᠠᠯᠴᠢᠳ ᠤᠨ ᠭᠠᠯ ᠢ ᠰᠡᠷᠭᠡᠶᠢᠯᠡᠬᠦ ︽ᠨᠢᠭᠡᠳᠦᠭᠡᠷ ᠬᠠᠷᠢᠭᠤᠴᠠᠯᠭᠠᠲᠠᠨ︾ ᠤ ᠬᠠᠷᠢᠭᠤᠴᠠᠯᠭ᠎ᠠ ᠶᠢ ᠴᠢᠨᠠᠭᠰᠢᠳᠠ ᠪᠠᠬᠢᠵᠢᠭᠦᠯᠦᠨ᠂ ᠳᠡᠭᠡᠳᠦ ᠳᠣᠣᠷᠠᠳᠤ ᠱᠠᠲᠤ ᠨᠡᠪᠲᠡᠷᠡᠭᠰᠡᠨ᠂ ᠠᠳᠠᠯᠢ ᠱᠠᠲᠤ ᠪᠠᠷ ᠬᠠᠮᠲᠤᠷᠠᠨ ᠬᠥᠳᠡᠯᠦᠯᠴᠡᠭᠰᠡᠨ ᠲᠣᠣᠷᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠪᠤᠢ ᠪᠣᠯᠭᠠᠬᠤ ᠬᠡᠷᠡᠭᠲᠡᠢ᠃ ᠳᠥᠷᠪᠡ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠰᠠᠶᠢᠲᠤᠷ ᠬᠢᠬᠦ ᠬᠡᠷᠡᠭᠲᠡᠢ᠃ ︽ᠬᠡᠷᠦᠯᠦᠨ ᠴᠤᠭᠯᠠᠷᠠᠯ ᠤᠨ ᠪᠦᠷᠢᠶ᠎ᠡ︾ ᠪᠠ ᠰᠤᠮᠤ᠂ ᠭᠠᠴᠠᠭ᠎ᠠ ︵ᠨᠡᠶᠢᠭᠡᠮ ᠲᠣᠭᠤᠷᠢᠭ︶ ᠬᠤᠶᠠᠷ ᠱᠠᠲᠤᠨ ᠤ ᠭᠠᠯ ᠢ ᠰᠡᠷᠭᠡᠶᠢᠯᠡᠨ ᠤᠨᠲᠠᠷᠠᠭᠠᠬᠤ ᠰᠠᠯᠪᠤᠷᠢ ᠪᠠᠭ᠎ᠠ ᠠᠩᠭᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠨ ᠲᠦᠮᠡᠨ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠭᠠᠯ ᠢ ᠰᠡᠷᠭᠡᠶᠢᠯᠡᠬᠦ ᠰᠣᠷᠢᠯᠲᠠ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠠᠮᠤᠷ ᠲᠦᠪᠰᠢᠨ ᠢᠶᠠᠷ ᠭᠠᠯ ᠤᠨᠲᠠᠷᠠᠭᠠᠬᠤ ᠮᠡᠷᠭᠡᠵᠢᠯ ᠴᠢᠳᠠᠪᠤᠷᠢ ᠪᠠ ᠭᠠᠯ ᠭᠠᠷᠤᠭᠰᠠᠨ ᠭᠠᠵᠠᠷ ᠤᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠠᠯ ᠤᠨ ᠠᠶᠤᠯ ᠡᠭᠦᠰᠪᠡᠯ᠂ ᠣᠯᠠᠨ ᠲᠠᠯ᠎ᠠ ᠶᠢᠨ ᠬᠦᠴᠦᠨ ᠢ ᠬᠠᠮᠲᠤᠷᠠᠭᠤᠯᠵᠤ ᠂ ᠴᠠᠭ ᠲᠤᠬᠠᠢ ᠳᠤᠨᠢ ᠲᠦᠭᠰᠢᠭᠦᠷᠢ ᠶᠢ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠠᠪᠤ ᠳᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠤᠳᠤᠷᠢᠳᠤᠯᠭ᠎ᠠ ᠵᠢᠵᠢᠭᠦᠷ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ ᠪᠠ ᠵᠢᠯᠣᠭᠤᠳᠤᠨ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠪᠠ ᠭᠠᠯ ᠤᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ