ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ 2024 ᠣᠨ ᠤ ︽ᠪᠣᠯᠪᠠᠰᠤᠨ ᠳᠠᠬᠢᠯᠭ᠎ᠠ ᠬᠢᠵᠦ ᠪᠤᠬᠢᠷᠲᠤᠯ ᠦᠭᠡᠢ ᠬᠠᠩᠰᠢ ᠥᠩᠭᠡᠷᠡᠭᠦᠯᠬᠦ︾ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/30
ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ᠄      ᠬᠠᠩᠰᠢ ᠶᠢᠨ ᠡᠳᠦᠷ ᠪᠣᠯ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠥᠩᠭᠡᠷᠡᠭᠰᠡᠳ ᠢᠶᠠᠨ ᠳᠡᠭᠡᠳᠦᠯᠡᠨ ᠳᠠᠭᠢᠵᠤ᠂ ᠡᠪᠦᠭᠡ ᠳᠡᠭᠡᠳᠦᠰ ᠲᠡᠭᠡᠨ ᠲᠠᠯᠠᠷᠬᠠᠬᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠣᠨ᠎ᠠ᠃ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠣᠷᠣᠰᠢᠭᠤᠯᠭ᠎ᠠ ᠳᠠᠬᠢᠯᠭ᠎ᠠ ᠶᠢᠨ ᠪᠣᠯᠪᠠᠰᠤᠨ ᠤ ᠣᠶᠢᠯᠠᠭᠠᠭᠳᠠᠬᠤᠨ ᠢ ᠰᠠᠨᠠᠭᠠᠴᠢᠯᠠᠵᠤ᠂ ︽ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠲᠠᠬᠢᠯᠭ᠎ᠠ ᠬᠢᠬᠦ᠂ ᠪᠣᠬᠢᠷᠲᠤᠯ ᠦᠭᠡᠢ ᠪᠣᠯᠪᠠᠰᠤᠨ ᠬᠠᠩᠰᠢ︾᠎ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠵᠤ᠂ ᠡᠷᠡᠭᠦᠯ ᠴᠢᠭᠢᠷᠠᠭ᠂ ᠪᠣᠯᠪᠠᠰᠤᠨ᠂ ᠪᠣᠬᠢᠷᠲᠤᠯ ᠦᠭᠡᠢ᠂ ᠠᠮᠤᠷ ᠲᠦᠪᠰᠢᠨ ᠬᠠᠩᠰᠢ ᠶᠢ ᠥᠩᠭᠡᠷᠡᠭᠦᠯᠬᠦ ᠶᠢᠨ ᠲᠥᠯᠥᠭᠡ᠂ ᠪᠢᠳᠡ ᠪᠥᠬᠦ ᠬᠤᠰᠢᠭᠤᠨ ᠤ ᠣᠯᠠᠨ ᠲᠦᠮᠡᠨ ᠳᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄      ᠨᠢᠭᠡ᠂ ᠣᠷᠣᠰᠢᠭᠤᠯᠭ᠎ᠠ ᠶᠢᠨ ᠪᠣᠯᠪᠠᠰᠤᠨ ᠢ ᠴᠢᠩᠭᠠᠳᠬᠠᠵᠤ᠂ ᠭᠠᠵᠠᠷ ᠠᠷᠪᠢᠯᠠᠵᠤ ᠣᠷᠣᠰᠢᠭᠤᠯᠬᠤ ᠶᠢ ᠰᠠᠨᠠᠭᠠᠴᠢᠯᠠᠬᠤ ᠬᠡᠷᠡᠭᠲᠡᠢ      ᠬᠠᠩᠰᠢ ᠶᠢᠨ ᠦᠶ᠎ᠡ ᠪᠠᠷ ᠳᠡᠭᠡᠳᠦᠰ ᠤᠨ ᠣᠩᠭᠤᠨ ᠢ ᠰᠢᠨᠡᠳᠬᠡᠨ ᠪᠠᠬᠢᠵᠢᠭᠦᠯᠵᠦ᠂ ᠬᠡᠭᠡᠨᠴᠢᠷ ᠣᠩᠭᠤᠨ ᠬᠥᠰᠢᠶ᠎ᠡ ᠪᠣᠰᠬᠠᠬᠤ ᠶᠢ ᠴᠢᠩᠭ᠎ᠠ ᠴᠠᠭᠠᠵᠠᠯᠠᠨ᠎ᠠ᠃ ︽ᠭᠤᠷᠪᠠᠨ ᠵᠠᠬ᠎ᠠ ᠲᠤᠯᠤᠭᠠᠨ ᠣᠷᠣᠨ︾᠎ ᠤ ᠬᠡᠪᠴᠢᠶᠡᠨ ᠳᠤ ᠲᠣᠭᠲᠠᠭᠠᠯ ᠢ ᠵᠥᠷᠢᠴᠡᠨ ᠣᠩᠭᠤᠨ ᠬᠦᠰᠢᠶ᠎ᠡ ᠪᠠᠶᠢᠭᠤᠯᠤᠭᠰᠠᠨ ᠪᠠᠶᠢᠪᠠᠯ᠂ ᠣᠩᠭᠤᠨ ᠤ ᠡᠷᠬᠡᠲᠦ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠤᠶᠤ ᠨᠠᠶᠢᠳᠠᠭᠰᠠᠨ ᠣᠷᠣᠯᠠᠭᠴᠢ ᠨᠢ ᠱᠠᠭᠠᠷᠳᠠᠯᠭ᠎ᠠ ᠶᠣᠰᠣᠭᠠᠷ ᠣᠩᠭᠤᠨ ᠢ ᠨᠡᠭᠦᠯᠭᠡᠬᠦ ᠪᠤᠶᠤ ᠭᠦᠨ ᠪᠤᠯᠠᠵᠤ᠂ ᠪᠣᠰᠤᠭ᠎ᠠ ᠬᠥᠰᠢᠶ᠎ᠡ ᠶᠢ ᠬᠡᠪᠲᠡᠭᠡ ᠬᠥᠰᠢᠶ᠎ᠡ ᠪᠣᠯᠭᠠᠬᠤ ᠬᠡᠷᠡᠭᠲᠡᠢ᠃ ᠭᠠᠯ ᠢᠶᠠᠷ ᠳᠡᠭᠳᠡᠭᠡᠭᠰᠡᠨ ᠴᠢᠨᠳᠠᠷ ᠤᠨ ᠦᠨᠡᠰᠦ ᠶᠢ ᠬᠠᠳᠠᠭᠠᠯᠠᠭᠤᠯᠬᠤ ᠭᠠᠵᠠᠷ ᠲᠤ ᠣᠷᠣᠰᠢᠭᠤᠯᠬᠤ ᠪᠤᠶᠤ ᠵᠠᠳᠠᠷᠠᠭᠤᠯᠵᠤ ᠪᠣᠯᠬᠤ ᠴᠢᠨᠳᠠᠷ ᠤᠨ ᠬᠠᠶᠢᠷᠴᠠᠭ ᠲᠤ ᠬᠢᠵᠦ ᠭᠦᠨ ᠪᠤᠯᠠᠬᠤ᠂ ᠵᠦᠯᠭᠡᠨ ᠳᠡᠭᠡᠷ᠎ᠡ ᠣᠷᠣᠰᠢᠭᠤᠯᠬᠤ᠂ ᠮᠣᠳᠣᠨ ᠳᠡᠭᠡᠷ᠎ᠡ ᠣᠷᠣᠰᠢᠭᠤᠯᠬᠤ ᠵᠡᠷᠭᠡ ᠠᠮᠢ ᠠᠬᠤᠶᠢᠴᠢ ᠣᠷᠣᠰᠢᠭᠤᠯᠬᠤ ᠬᠡᠯᠪᠡᠷᠢ ᠶᠢ ᠬᠡᠷᠡᠭᠯᠡᠵᠦ᠂ ᠴᠢᠨᠳᠠᠷ ᠢ ᠳᠠᠬᠢᠨ ᠠᠪᠰᠠᠯᠠᠨ ᠣᠷᠣᠰᠢᠭᠤᠯᠵᠤ ᠪᠣᠯᠬᠤ ᠦᠭᠡᠢ᠂ ᠳᠤᠷ᠎ᠠ ᠪᠠᠷ ᠢᠶᠠᠨ ᠪᠤᠯᠠᠵᠤ ᠪᠣᠯᠬᠤ ᠦᠭᠡᠢ᠃       ᠬᠤᠶᠠᠷ᠂ ᠭᠠᠯ ᠢ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠦᠨ᠂ ᠠᠮᠤᠷ ᠲᠦᠪᠰᠢᠨ ᠢᠶᠠᠷ ᠣᠩᠭᠤᠨ ᠱᠦᠭᠦᠷᠳᠡᠬᠦ ᠶᠢ ᠰᠠᠨᠠᠭᠠᠴᠢᠯᠠᠬᠤ ᠬᠡᠷᠡᠭᠲᠡᠢ      ᠬᠠᠪᠤᠷ ᠤᠨ ᠤᠯᠠᠷᠢᠯ ᠳᠤ ᠠᠭᠤᠷ ᠠᠮᠢᠰᠬᠤᠯ ᠪᠠ ᠡᠳ᠋ ᠪᠣᠳᠠᠰ ᠪᠦᠷ ᠬᠠᠭᠤᠷᠠᠢ ᠪᠠᠶᠢᠳᠠᠭ ᠪᠣᠯᠬᠤᠷ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠠᠮᠤᠭ ᠤᠨ ᠴᠢᠬᠤᠯᠠ ᠴᠠᠭ ᠦᠶ᠎ᠡ ᠪᠠᠶᠢᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠬᠦᠨᠳᠦ ᠠᠴᠠ ᠬᠦᠨᠳᠦ ᠪᠠᠶᠢᠳᠠᠭ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠭᠤᠯᠠᠨ ᠳᠤ ᠭᠠᠷᠴᠤ ᠣᠩᠭᠤᠨ ᠱᠦᠭᠦᠷᠳᠡᠬᠦ ᠳᠡᠭᠡᠨ ᠭᠠᠯ ᠢ ᠰᠡᠷᠭᠡᠶᠢᠯᠡᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠱᠦᠭᠦᠷᠳᠡᠬᠦ ᠶᠠᠪᠤᠴᠠ ᠳᠤ ︽ᠳᠥᠷᠪᠡᠨ ᠦᠭᠡᠢ︾᠎ ᠶᠢ ᠪᠠᠷᠢᠮᠲᠠᠯᠠᠬᠤ ᠬᠡᠷᠡᠭᠲᠡᠢ᠄ ᠲᠤᠬᠠᠶᠢᠯᠠᠪᠠᠯ ᠢᠯᠡ ᠭᠠᠯ ᠬᠡᠷᠡᠭᠯᠡᠬᠦ ᠦᠭᠡᠢ᠂ ᠫᠤᠤᠵᠢᠩ ᠲᠠᠯᠪᠢᠬᠤ ᠦᠭᠡᠢ᠂ ᠲᠤᠶ᠋ᠢᠩ ᠤᠨ ᠵᠣᠭᠤᠰ ᠰᠢᠲᠠᠭᠠᠬᠤ ᠦᠭᠡᠢ᠂ ᠡᠪᠡᠰᠦ ᠮᠣᠳᠣ ᠶᠢ ᠡᠪᠳᠡᠬᠦ ᠦᠭᠡᠢ ᠪᠠᠶᠢᠵᠤ᠂ ᠭᠠᠯ ᠬᠡᠷᠡᠭᠯᠡᠬᠦ ᠡᠯ᠎ᠡ ᠵᠦᠢᠯ ᠤᠨ ᠬᠡᠮ ᠰᠣᠭᠤᠭ ᠢ ᠡᠷᠡᠰ ᠠᠷᠢᠯᠭᠠᠵᠤ᠂ ᠣᠷᠴᠢᠨ ᠲᠣᠭᠤᠷᠢᠨ ᠢ ᠬᠠᠮᠠᠭᠠᠯᠠᠬᠤ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠲᠠᠬᠢᠯᠭ᠎ᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ᠃      ᠭᠤᠷᠪᠠ᠂ ᠠᠮᠢᠳᠤ ᠳᠤᠨᠢ ᠠᠰᠠᠷᠠᠨ ᠬᠦᠨᠳᠦᠯᠡᠵᠦ ᠥᠩᠭᠡᠷᠡᠭᠰᠡᠨ ᠬᠤᠶᠢᠨ᠎ᠠ ᠨᠢ ᠳᠦᠭᠦᠮ ᠣᠷᠣᠰᠢᠭᠤᠯᠵᠤ᠂ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠬᠤ ᠬᠡᠷᠡᠭᠲᠡᠢ      ︽ᠨᠠᠰᠤᠲᠠᠨ ᠢᠶᠠᠨ ᠬᠠᠯᠠᠮᠵᠢᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠮᠢᠳᠤ ᠳᠤᠨᠢ ᠠᠰᠠᠷᠠᠨ ᠬᠦᠨᠳᠦᠯᠡᠵᠦ᠂ ᠥᠩᠭᠡᠷᠡᠭᠰᠡᠨ ᠬᠤᠶᠢᠨ᠎ᠠ ᠨᠢ ᠳᠦᠭᠦᠮ ᠣᠷᠣᠰᠢᠭᠤᠯᠬᠤ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠠᠮᠢᠳᠤ ᠰᠡᠷᠡᠭᠦᠨ ᠪᠠᠶᠢᠬᠤ ᠳᠤ ᠨᠢ ᠳᠣᠣᠷ᠎ᠠ ᠦᠶ᠎ᠡ ᠶᠢᠨ ᠬᠢᠨᠢ ᠠᠴᠢᠯᠠᠯ ᠢᠶᠠᠨ ᠢᠯᠡᠭᠦᠬᠡᠨ ᠭᠦᠢᠴᠡᠳᠬᠡᠵᠦ᠂ ᠦᠲᠡᠯᠬᠦ ᠳᠤ ᠨᠢ ᠲᠦᠰᠢᠭ ᠲᠠᠢ ᠂ ᠪᠠᠶᠠᠷ ᠴᠡᠩᠭᠡᠯ ᠲᠠᠢ ᠪᠠᠶᠢᠯᠭᠠᠵᠤ᠂ ᠥᠩᠭᠡᠷᠡᠭᠰᠡᠨ ᠤ ᠳᠠᠷᠠᠭ᠎ᠠ᠂ ᠠᠷᠪᠢᠴᠢ ᠭᠠᠮᠲᠠᠢ ᠪᠠᠷ ᠪᠡᠯᠪᠡᠰᠦᠷᠡᠯ ᠢ ᠭᠦᠢᠴᠡᠳᠬᠡᠵᠦ᠂ ᠪᠣᠯᠪᠠᠰᠤᠨ ᠳᠠᠭᠢᠬᠤ ᠶᠢ ᠪᠠᠷᠢᠮᠲᠠᠯᠠᠨ᠂ ᠥᠩᠭᠡᠷᠡᠭᠰᠡᠳ ᠢ ᠠᠮᠤᠷᠵᠢᠭᠤᠯᠤᠨ᠂ ᠠᠮᠢᠳᠤ ᠥᠯᠡᠳᠡᠭᠰᠡᠳ ᠢ ᠲᠠᠶᠢᠪᠤᠰᠢᠷᠠᠭᠤᠯᠬᠤ ᠬᠡᠷᠡᠭᠲᠡᠢ᠃      ᠳᠥᠷᠪᠡ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠶᠢ ᠠᠬᠢᠭᠤᠯᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠡᠷᠡᠭᠲᠡᠢ      ︽ᠠᠳᠬᠤ ᠰᠢᠷᠣᠢ ᠪᠠᠶᠢᠭᠰᠠᠨ ᠴᠤ᠂ ᠦᠷ᠎ᠡ ᠬᠤᠶᠢᠴᠢᠰ ᠲᠠᠭᠠᠨ ᠦᠯᠡᠳᠡᠭᠡᠨ᠎ᠡ︾᠃ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠷᠡᠰ ᠲᠠᠶᠠᠭᠳᠠᠵᠤ᠂ ᠹᠧᠣᠳᠠᠯ ᠤᠨ ᠮᠤᠬᠤᠷ ᠪᠢᠰᠢᠷᠡᠯ ᠢ ᠡᠷᠡᠰ ᠠᠷᠢᠯᠭᠠᠵᠤ᠂ ᠠᠷᠪᠢᠯᠠᠨ ᠭᠠᠮᠨᠠᠵᠤ᠂ ᠯᠠᠷᠵᠠ ᠶᠠᠩᠪᠠ ᠲᠠᠲᠠᠬᠤ ᠦᠭᠡᠢ᠂ ᠪᠠᠶᠠᠨ ᠬᠡᠭᠡᠨᠴᠢᠷ ᠲᠠᠢ ᠠᠳᠠᠯᠢᠳᠬᠠᠬᠤ ᠦᠭᠡᠢ ᠪᠠᠷ ᠪᠣᠯᠪᠠᠰᠤᠨ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢᠶᠠᠷ ᠥᠩᠭᠡᠷᠡᠭᠰᠡᠳ ᠤᠨ ᠰᠦᠨᠡᠰᠦ ᠶᠢ ᠲᠠᠶᠢᠳᠬᠤᠷᠠᠭᠤᠯᠬᠤ ᠬᠡᠷᠡᠭᠲᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠥᠯᠢᠭᠡᠷ ᠳᠠᠭᠤᠷᠢᠶᠠᠯ ᠪᠣᠯᠵᠤ᠂ ᠰᠢᠷᠣᠢ ᠣᠷᠣᠰᠢᠭᠤᠯᠭ᠎ᠠ ᠶᠢ ᠥᠭᠡᠷᠡᠴᠢᠯᠡᠵᠦ᠂ ᠮᠣᠳᠣᠨ ᠳᠤ ᠣᠷᠣᠰᠢᠭᠤᠯᠬᠤ᠂ ᠴᠡᠴᠡᠭ ᠲᠤ ᠣᠷᠣᠰᠢᠭᠤᠯᠬᠤ᠂ ᠵᠦᠯᠭᠡᠨ ᠳᠤ ᠣᠷᠣᠰᠢᠭᠤᠯᠬᠤ ᠵᠡᠷᠭᠡ ᠠᠮᠢ ᠠᠬᠤᠶᠢᠴᠢ ᠣᠷᠣᠰᠢᠭᠤᠯᠭ᠎ᠠ ᠶᠢᠨ ᠠᠷᠭ᠎ᠠ ᠬᠡᠯᠪᠡᠷᠢ ᠶᠢ ᠰᠣᠩᠭᠤᠨ᠂ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠡᠰᠡᠷᠭᠦᠴᠡᠵᠦ᠂ ᠲᠣᠮᠣ ᠪᠤᠯᠠᠰᠢ᠂ ᠬᠡᠭᠡᠨᠴᠢᠷ ᠪᠤᠯᠠᠰᠢ ᠵᠠᠰᠠᠬᠤ ᠦᠭᠡᠢ ᠪᠠᠶᠢᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃      ᠲᠠᠪᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠳᠠᠬᠢᠯᠭ᠎ᠠ ᠶᠢ ᠠᠬᠢᠭᠤᠯᠬᠤ ᠬᠡᠷᠡᠭᠲᠡᠢ      ᠪᠣᠯᠪᠠᠰᠤᠨ ᠳᠠᠬᠢᠯᠭ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠬᠢᠵᠦ᠂ ᠰᠣᠷᠭᠤᠭ ᠴᠡᠴᠡᠭ ᠬᠦᠷᠭᠡᠬᠦ᠂ ᠮᠣᠳᠣ ᠲᠠᠷᠢᠵᠤ ᠨᠣᠭᠤᠭᠠᠷᠠᠭᠤᠯᠬᠤ᠂ ᠠᠯᠤᠰ ᠠᠴᠠ ᠳᠠᠬᠢᠬᠤ᠂ ᠰᠣᠩᠭᠤᠳᠠᠭ ᠵᠣᠬᠢᠶᠠᠯ ᠤᠩᠰᠢᠬᠤ᠂ ᠰᠦᠯᠵᠢᠶᠡᠨ ᠳᠡᠭᠡᠷ᠎ᠡ ᠳᠠᠬᠢᠯᠭ᠎ᠠ ᠬᠢᠬᠦ ᠵᠡᠷᠭᠡ ᠬᠡᠯᠪᠡᠷᠢ ᠪᠠᠷ ᠥᠩᠭᠡᠷᠡᠭᠰᠡᠳ ᠢᠶᠠᠨ ᠳᠤᠷᠠᠰᠤᠨ ᠰᠠᠨᠠᠭᠠᠯᠵᠠᠬᠤ ᠬᠡᠷᠡᠭᠲᠡᠢ᠃ ᠣᠯᠠᠨ ᠨᠡᠶᠢᠲᠡ ᠶᠢᠨ ᠡᠮᠬᠢ ᠳᠢᠭᠯᠢᠮ ᠪᠠ ᠭᠠᠯ ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠭᠤᠯᠠ ᠶᠢᠨ ᠣᠷᠣᠢ᠂ ᠣᠶᠢᠲᠤ ᠭᠠᠵᠠᠷ᠂ ᠣᠩᠭᠤᠨ ᠤ ᠭᠠᠵᠠᠷ ᠲᠤ ᠲᠤᠶ᠋ᠢᠩ ᠰᠢᠲᠠᠭᠠᠵᠤ ᠬᠦᠵᠢ ᠠᠰᠠᠭᠠᠬᠤ ᠦᠭᠡᠢ᠂ ᠴᠢᠬᠤᠯᠠ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠵᠢᠴᠢ ᠤᠰᠤᠨ ᠤ ᠡᠬᠢ ᠰᠤᠷᠪᠤᠯᠵᠢ ᠶᠢᠨ ᠭᠠᠵᠠᠷ ᠵᠡᠷᠭᠡ ᠭᠠᠵᠠᠷ ᠲᠤ ᠣᠩᠭᠤᠨ ᠬᠥᠰᠢᠶ᠎ᠡ ᠪᠣᠰᠬᠠᠬᠤ ᠪᠠ ᠲᠤᠶ᠋ᠢᠩ ᠤᠨ ᠴᠠᠭᠠᠰᠤ ᠰᠢᠲᠠᠭᠠᠵᠤ ᠪᠣᠯᠬᠤ ᠦᠭᠡᠢ᠃      ᠪᠣᠯᠪᠠᠰᠤᠨ ᠲᠠᠬᠢᠯᠭ᠎ᠠ ᠬᠢᠬᠦ ᠳᠤ ᠪᠢᠳᠡ ᠬᠠᠮᠲᠤ ᠪᠠᠷ ᠴᠢᠷᠮᠠᠶᠢᠬᠤ ᠬᠡᠷᠡᠭᠲᠡᠢ᠃ ᠪᠢᠳᠡ ᠢᠳᠡᠪᠬᠢᠲᠡᠢ ᠬᠦᠳᠡᠯᠦᠯᠴᠡᠨ᠂ ᠪᠣᠯᠪᠠᠰᠤᠨ ᠳᠠᠬᠢᠯᠭ᠎ᠠ ᠶᠢᠨ ᠰᠠᠨᠠᠭᠠᠴᠢᠯᠠᠭᠴᠢ᠂ ᠮᠠᠭᠤ ᠳᠠᠳᠬᠠᠯ ᠢ ᠠᠷᠢᠯᠭᠠᠬᠤ ᠬᠤᠰᠢᠭᠤᠴᠢ᠂ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠳᠤᠷᠠᠰᠤᠯ ᠮᠥᠷᠥᠭᠡᠳᠦᠯ ᠢᠶᠠᠨ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠣᠯᠪᠠᠰᠤᠨ᠂ ᠪᠣᠬᠢᠷᠲᠤᠯ ᠦᠭᠡᠢ᠂ ᠠᠷᠪᠢᠴᠢ ᠭᠠᠮᠲᠠᠢ᠂ ᠠᠮᠤᠷ ᠲᠦᠪᠰᠢᠨ᠂ ᠠᠮᠢ ᠠᠬᠤᠶᠢᠴᠢ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠦᠶ᠎ᠡ᠃                 ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                         2024 ᠣᠨ ᠤ 3 ᠰᠠᠷ᠎ᠠ ᠶᠢᠨ 18᠎ ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ