ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ 2024 ᠣᠨ ᠤ ︽ᠪᠣᠯᠪᠠᠰᠤᠨ ᠳᠠᠬᠢᠯᠭ᠎ᠠ ᠬᠢᠵᠦ ᠪᠤᠬᠢᠷᠲᠤᠯ ᠦᠭᠡᠢ ᠬᠠᠩᠰᠢ ᠥᠩᠭᠡᠷᠡᠭᠦᠯᠬᠦ︾ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/3/30
ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠳᠤ᠄      ᠬᠠᠩᠰᠢ ᠶᠢᠨ ᠡᠳᠦᠷ ᠪᠣᠯ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ᠂ ᠥᠩᠭᠡᠷᠡᠭᠰᠡᠳ ᠢᠶᠠᠨ ᠳᠡᠭᠡᠳᠦᠯᠡᠨ ᠳᠠᠭᠢᠵᠤ᠂ ᠡᠪᠦᠭᠡ ᠳᠡᠭᠡᠳᠦᠰ ᠲᠡᠭᠡᠨ ᠲᠠᠯᠠᠷᠬᠠᠬᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠣᠨ᠎ᠠ᠃ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ ᠣᠷᠣᠰᠢᠭᠤᠯᠭ᠎ᠠ ᠳᠠᠬᠢᠯᠭ᠎ᠠ ᠶᠢᠨ ᠪᠣᠯᠪᠠᠰᠤᠨ ᠤ ᠣᠶᠢᠯᠠᠭᠠᠭᠳᠠᠬᠤᠨ ᠢ ᠰᠠᠨᠠᠭᠠᠴᠢᠯᠠᠵᠤ᠂ ︽ᠬᠡᠪ ᠵᠠᠩᠰᠢᠯ ᠢ ᠥᠭᠡᠷᠡᠴᠢᠯᠡᠬᠦ᠂ ᠪᠣᠯᠪᠠᠰᠤᠨ ᠲᠠᠬᠢᠯᠭ᠎ᠠ ᠬᠢᠬᠦ᠂ ᠪᠣᠬᠢᠷᠲᠤᠯ ᠦᠭᠡᠢ ᠪᠣᠯᠪᠠᠰᠤᠨ ᠬᠠᠩᠰᠢ︾ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠶᠡᠭᠡ ᠪᠠᠷ ᠪᠣᠶ ᠪᠣᠯᠭᠠᠵᠤ᠂ ᠡᠷᠡᠭᠦᠯ ᠴᠢᠭᠢᠷᠠᠭ᠂ ᠪᠣᠯᠪᠠᠰᠤᠨ᠂ ᠪᠣᠬᠢᠷᠲᠤᠯ ᠦᠭᠡᠢ᠂ ᠠᠮᠤᠷ ᠲᠦᠪᠰᠢᠨ ᠬᠠᠩᠰᠢ ᠶᠢ ᠥᠩᠭᠡᠷᠡᠭᠦᠯᠬᠦ ᠶᠢᠨ ᠲᠥᠯᠥᠭᠡ᠂ ᠪᠢᠳᠡ ᠪᠥᠬᠦ ᠬᠤᠰᠢᠭᠤᠨ ᠤ ᠣᠯᠠᠨ ᠲᠦᠮᠡᠨ ᠳᠤ ᠣᠨᠴᠠᠭᠠᠶᠢᠯᠠᠨ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄      ᠨᠢᠭᠡ᠂ ᠣᠷᠣᠰᠢᠭᠤᠯᠭ᠎ᠠ ᠶᠢᠨ ᠪᠣᠯᠪᠠᠰᠤᠨ ᠢ ᠴᠢᠩᠭᠠᠳᠬᠠᠵᠤ᠂ ᠭᠠᠵᠠᠷ ᠠᠷᠪᠢᠯᠠᠵᠤ ᠣᠷᠣᠰᠢᠭᠤᠯᠬᠤ ᠶᠢ ᠰᠠᠨᠠᠭᠠᠴᠢᠯᠠᠬᠤ ᠬᠡᠷᠡᠭᠲᠡᠢ      ᠬᠠᠩᠰᠢ ᠶᠢᠨ ᠦᠶ᠎ᠡ ᠪᠠᠷ ᠳᠡᠭᠡᠳᠦᠰ ᠤᠨ ᠣᠩᠭᠤᠨ ᠢ ᠰᠢᠨᠡᠳᠬᠡᠨ ᠪᠠᠬᠢᠵᠢᠭᠦᠯᠵᠦ᠂ ᠬᠡᠭᠡᠨᠴᠢᠷ ᠣᠩᠭᠤᠨ ᠬᠥᠰᠢᠶ᠎ᠡ ᠪᠣᠰᠬᠠᠬᠤ ᠶᠢ ᠴᠢᠩᠭ᠎ᠠ ᠴᠠᠭᠠᠵᠠᠯᠠᠨ᠎ᠠ᠃ ︽ᠭᠤᠷᠪᠠᠨ ᠵᠠᠬ᠎ᠠ ᠲᠤᠯᠤᠭᠠᠨ ᠣᠷᠣᠨ︾ ᠤ ᠬᠡᠪᠴᠢᠶᠡᠨ ᠳᠤ ᠲᠣᠭᠲᠠᠭᠠᠯ ᠢ ᠵᠥᠷᠢᠴᠡᠨ ᠣᠩᠭᠤᠨ ᠬᠦᠰᠢᠶ᠎ᠡ ᠪᠠᠶᠢᠭᠤᠯᠤᠭᠰᠠᠨ ᠪᠠᠶᠢᠪᠠᠯ᠂ ᠣᠩᠭᠤᠨ ᠤ ᠡᠷᠬᠡᠲᠦ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠪᠤᠶᠤ ᠨᠠᠶᠢᠳᠠᠭᠰᠠᠨ ᠣᠷᠣᠯᠠᠭᠴᠢ ᠨᠢ ᠱᠠᠭᠠᠷᠳᠠᠯᠭ᠎ᠠ ᠶᠣᠰᠣᠭᠠᠷ ᠣᠩᠭᠤᠨ ᠢ ᠨᠡᠭᠦᠯᠭᠡᠬᠦ ᠪᠤᠶᠤ ᠭᠦᠨ ᠪᠤᠯᠠᠵᠤ᠂ ᠪᠣᠰᠤᠭ᠎ᠠ ᠬᠥᠰᠢᠶ᠎ᠡ ᠶᠢ ᠬᠡᠪᠲᠡᠭᠡ ᠬᠥᠰᠢᠶ᠎ᠡ ᠪᠣᠯᠭᠠᠬᠤ ᠬᠡᠷᠡᠭᠲᠡᠢ᠃ ᠭᠠᠯ ᠢᠶᠠᠷ ᠳᠡᠭᠳᠡᠭᠡᠭᠰᠡᠨ ᠴᠢᠨᠳᠠᠷ ᠤᠨ ᠦᠨᠡᠰᠦ ᠶᠢ ᠬᠠᠳᠠᠭᠠᠯᠠᠭᠤᠯᠬᠤ ᠭᠠᠵᠠᠷ ᠲᠤ ᠣᠷᠣᠰᠢᠭᠤᠯᠬᠤ ᠪᠤᠶᠤ ᠵᠠᠳᠠᠷᠠᠭᠤᠯᠵᠤ ᠪᠣᠯᠬᠤ ᠴᠢᠨᠳᠠᠷ ᠤᠨ ᠬᠠᠶᠢᠷᠴᠠᠭ ᠲᠤ ᠬᠢᠵᠦ ᠭᠦᠨ ᠪᠤᠯᠠᠬᠤ᠂ ᠵᠦᠯᠭᠡᠨ ᠳᠡᠭᠡᠷ᠎ᠡ ᠣᠷᠣᠰᠢᠭᠤᠯᠬᠤ᠂ ᠮᠣᠳᠣᠨ ᠳᠡᠭᠡᠷ᠎ᠡ ᠣᠷᠣᠰᠢᠭᠤᠯᠬᠤ ᠵᠡᠷᠭᠡ ᠠᠮᠢ ᠠᠬᠤᠶᠢᠴᠢ ᠣᠷᠣᠰᠢᠭᠤᠯᠬᠤ ᠬᠡᠯᠪᠡᠷᠢ ᠶᠢ ᠬᠡᠷᠡᠭᠯᠡᠵᠦ᠂ ᠴᠢᠨᠳᠠᠷ ᠢ ᠳᠠᠬᠢᠨ ᠠᠪᠰᠠᠯᠠᠨ ᠣᠷᠣᠰᠢᠭᠤᠯᠵᠤ ᠪᠣᠯᠬᠤ ᠦᠭᠡᠢ᠂ ᠳᠤᠷ᠎ᠠ ᠪᠠᠷ ᠢᠶᠠᠨ ᠪᠤᠯᠠᠵᠤ ᠪᠣᠯᠬᠤ ᠦᠭᠡᠢ᠃       ᠬᠤᠶᠠᠷ᠂ ᠭᠠᠯ ᠢ ᠰᠡᠷᠭᠡᠶᠢᠯᠡᠬᠦ ᠤᠬᠠᠮᠰᠠᠷ ᠢ ᠨᠡᠮᠡᠭᠳᠡᠭᠦᠯᠦᠨ᠂ ᠠᠮᠤᠷ ᠲᠦᠪᠰᠢᠨ ᠢᠶᠠᠷ ᠣᠩᠭᠤᠨ ᠱᠦᠭᠦᠷᠳᠡᠬᠦ ᠶᠢ ᠰᠠᠨᠠᠭᠠᠴᠢᠯᠠᠬᠤ ᠬᠡᠷᠡᠭᠲᠡᠢ      ᠬᠠᠪᠤᠷ ᠤᠨ ᠤᠯᠠᠷᠢᠯ ᠳᠤ ᠠᠭᠤᠷ ᠠᠮᠢᠰᠬᠤᠯ ᠪᠠ ᠡᠳ᠋ ᠪᠣᠳᠠᠰ ᠪᠦᠷ ᠬᠠᠭᠤᠷᠠᠢ ᠪᠠᠶᠢᠳᠠᠭ ᠪᠣᠯᠬᠤᠷ᠂ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠬᠠᠮᠤᠭ ᠤᠨ ᠴᠢᠬᠤᠯᠠ ᠴᠠᠭ ᠦᠶ᠎ᠡ ᠪᠠᠶᠢᠵᠤ᠂ ᠭᠠᠯ ᠢ ᠰᠡᠷᠭᠡᠶᠢᠯᠡᠬᠦ ᠬᠠᠷᠢᠭᠤᠴᠠᠯᠭ᠎ᠠ ᠬᠦᠨᠳᠦ ᠠᠴᠠ ᠬᠦᠨᠳᠦ ᠪᠠᠶᠢᠳᠠᠭ᠂ ᠣᠶ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠃ ᠠᠭᠤᠯᠠᠨ ᠳᠤ ᠭᠠᠷᠴᠤ ᠣᠩᠭᠤᠨ ᠱᠦᠭᠦᠷᠳᠡᠬᠦ ᠳᠡᠭᠡᠨ ᠭᠠᠯ ᠢ ᠰᠡᠷᠭᠡᠶᠢᠯᠡᠬᠦ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠱᠦᠭᠦᠷᠳᠡᠬᠦ ᠶᠠᠪᠤᠴᠠ ᠳᠤ ︽ᠳᠥᠷᠪᠡᠨ ᠦᠭᠡᠢ︾ ᠶᠢ ᠪᠠᠷᠢᠮᠲᠠᠯᠠᠬᠤ ᠬᠡᠷᠡᠭᠲᠡᠢ᠄ ᠲᠤᠬᠠᠶᠢᠯᠠᠪᠠᠯ ᠢᠯᠡ ᠭᠠᠯ ᠬᠡᠷᠡᠭᠯᠡᠬᠦ ᠦᠭᠡᠢ᠂ ᠫᠤᠤᠵᠢᠩ ᠲᠠᠯᠪᠢᠬᠤ ᠦᠭᠡᠢ᠂ ᠲᠤᠶ᠋ᠢᠩ ᠤᠨ ᠵᠣᠭᠤᠰ ᠰᠢᠲᠠᠭᠠᠬᠤ ᠦᠭᠡᠢ᠂ ᠡᠪᠡᠰᠦ ᠮᠣᠳᠣ ᠶᠢ ᠡᠪᠳᠡᠬᠦ ᠦᠭᠡᠢ ᠪᠠᠶᠢᠵᠤ᠂ ᠭᠠᠯ ᠬᠡᠷᠡᠭᠯᠡᠬᠦ ᠡᠯ᠎ᠡ ᠵᠦᠢᠯ ᠤᠨ ᠬᠡᠮ ᠰᠣᠭᠤᠭ ᠢ ᠡᠷᠡᠰ ᠠᠷᠢᠯᠭᠠᠵᠤ᠂ ᠣᠷᠴᠢᠨ ᠲᠣᠭᠤᠷᠢᠨ ᠢ ᠬᠠᠮᠠᠭᠠᠯᠠᠬᠤ ᠨᠡᠭᠦᠷᠡᠰᠦᠲᠥ᠋ᠷᠥᠭᠴᠢ ᠪᠠᠭ᠎ᠠ ᠪᠣᠬᠢᠷᠲᠤᠯ ᠦᠭᠡᠢ ᠲᠠᠬᠢᠯᠭ᠎ᠠ ᠶᠢᠨ ᠣᠶᠢᠯᠠᠭᠠᠭᠳᠠᠬᠤᠨ ᠢ ᠪᠠᠲᠤ ᠪᠣᠶ ᠪᠣᠯᠭᠠᠬᠤ ᠬᠡᠷᠡᠭᠲᠡᠢ᠃      ᠭᠤᠷᠪᠠ᠂ ᠠᠮᠢᠳᠤ ᠳᠤᠨᠢ ᠠᠰᠠᠷᠠᠨ ᠬᠦᠨᠳᠦᠯᠡᠵᠦ ᠥᠩᠭᠡᠷᠡᠭᠰᠡᠨ ᠬᠤᠶᠢᠨ᠎ᠠ ᠨᠢ ᠳᠦᠭᠦᠮ ᠣᠷᠣᠰᠢᠭᠤᠯᠵᠤ᠂ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠪᠠᠳᠠᠷᠠᠭᠤᠯᠬᠤ ᠶᠢ ᠰᠠᠨᠠᠭᠠᠴᠢᠯᠠᠬᠤ ᠬᠡᠷᠡᠭᠲᠡᠢ      ︽ᠨᠠᠰᠤᠲᠠᠨ ᠢᠶᠠᠨ ᠬᠠᠯᠠᠮᠵᠢᠯᠠᠬᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠬᠠᠶᠢᠷᠠᠯᠠᠬᠤ᠂ ᠨᠠᠰᠤᠲᠠᠨ ᠢᠶᠠᠨ ᠠᠴᠢᠯᠠᠬᠤ︾ ᠤᠯᠠᠮᠵᠢᠯᠠᠯᠲᠤ ᠰᠠᠶᠢᠬᠠᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠮᠢᠳᠤ ᠳᠤᠨᠢ ᠠᠰᠠᠷᠠᠨ ᠬᠦᠨᠳᠦᠯᠡᠵᠦ᠂ ᠥᠩᠭᠡᠷᠡᠭᠰᠡᠨ ᠬᠤᠶᠢᠨ᠎ᠠ ᠨᠢ ᠳᠦᠭᠦᠮ ᠣᠷᠣᠰᠢᠭᠤᠯᠬᠤ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠠᠮᠢᠳᠤ ᠰᠡᠷᠡᠭᠦᠨ ᠪᠠᠶᠢᠬᠤ ᠳᠤ ᠨᠢ ᠳᠣᠣᠷ᠎ᠠ ᠦᠶ᠎ᠡ ᠶᠢᠨ ᠬᠢᠨᠢ ᠠᠴᠢᠯᠠᠯ ᠢᠶᠠᠨ ᠢᠯᠡᠭᠦᠬᠡᠨ ᠭᠦᠢᠴᠡᠳᠬᠡᠵᠦ᠂ ᠦᠲᠡᠯᠬᠦ ᠳᠤ ᠨᠢ ᠲᠦᠰᠢᠭ ᠲᠠᠢ ᠂ ᠪᠠᠶᠠᠷ ᠴᠡᠩᠭᠡᠯ ᠲᠠᠢ ᠪᠠᠶᠢᠯᠭᠠᠵᠤ᠂ ᠥᠩᠭᠡᠷᠡᠭᠰᠡᠨ ᠤ ᠳᠠᠷᠠᠭ᠎ᠠ᠂ ᠠᠷᠪᠢᠴᠢ ᠭᠠᠮᠲᠠᠢ ᠪᠠᠷ ᠪᠡᠯᠪᠡᠰᠦᠷᠡᠯ ᠢ ᠭᠦᠢᠴᠡᠳᠬᠡᠵᠦ᠂ ᠪᠣᠯᠪᠠᠰᠤᠨ ᠳᠠᠭᠢᠬᠤ ᠶᠢ ᠪᠠᠷᠢᠮᠲᠠᠯᠠᠨ᠂ ᠥᠩᠭᠡᠷᠡᠭᠰᠡᠳ ᠢ ᠠᠮᠤᠷᠵᠢᠭᠤᠯᠤᠨ᠂ ᠠᠮᠢᠳᠤ ᠥᠯᠡᠳᠡᠭᠰᠡᠳ ᠢ ᠲᠠᠶᠢᠪᠤᠰᠢᠷᠠᠭᠤᠯᠬᠤ ᠬᠡᠷᠡᠭᠲᠡᠢ᠃      ᠳᠥᠷᠪᠡ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠨ ᠬᠢᠬᠦ ᠶᠢ ᠠᠬᠢᠭᠤᠯᠵᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠡᠷᠡᠭᠲᠡᠢ      ︽ᠠᠳᠬᠤ ᠰᠢᠷᠣᠢ ᠪᠠᠶᠢᠭᠰᠠᠨ ᠴᠤ᠂ ᠦᠷ᠎ᠡ ᠬᠤᠶᠢᠴᠢᠰ ᠲᠠᠭᠠᠨ ᠦᠯᠡᠳᠡᠭᠡᠨ᠎ᠡ︾᠃ ᠬᠠᠭᠤᠴᠢᠨ ᠶᠣᠰᠣ ᠪᠦᠳᠦᠭᠦᠯᠢᠭ ᠵᠠᠩᠰᠢᠯ ᠢ ᠡᠷᠡᠰ ᠲᠠᠶᠠᠭᠳᠠᠵᠤ᠂ ᠹᠧᠣᠳᠠᠯ ᠤᠨ ᠮᠤᠬᠤᠷ ᠪᠢᠰᠢᠷᠡᠯ ᠢ ᠡᠷᠡᠰ ᠠᠷᠢᠯᠭᠠᠵᠤ᠂ ᠠᠷᠪᠢᠯᠠᠨ ᠭᠠᠮᠨᠠᠵᠤ᠂ ᠯᠠᠷᠵᠠ ᠶᠠᠩᠪᠠ ᠲᠠᠲᠠᠬᠤ ᠦᠭᠡᠢ᠂ ᠪᠠᠶᠠᠨ ᠬᠡᠭᠡᠨᠴᠢᠷ ᠲᠠᠢ ᠠᠳᠠᠯᠢᠳᠬᠠᠬᠤ ᠦᠭᠡᠢ ᠪᠠᠷ ᠪᠣᠯᠪᠠᠰᠤᠨ᠂ ᠡᠷᠡᠭᠦᠯ ᠴᠢᠭᠢᠷᠠᠭ᠂ ᠰᠢᠨᠵᠢᠯᠡᠬᠦ ᠤᠬᠠᠭᠠᠨᠴᠢ ᠠᠷᠭ᠎ᠠ ᠮᠠᠶ᠋ᠢᠭ ᠢᠶᠠᠷ ᠥᠩᠭᠡᠷᠡᠭᠰᠡᠳ ᠤᠨ ᠰᠦᠨᠡᠰᠦ ᠶᠢ ᠲᠠᠶᠢᠳᠬᠤᠷᠠᠭᠤᠯᠬᠤ ᠬᠡᠷᠡᠭᠲᠡᠢ᠃ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠥᠯᠢᠭᠡᠷ ᠳᠠᠭᠤᠷᠢᠶᠠᠯ ᠪᠣᠯᠵᠤ᠂ ᠰᠢᠷᠣᠢ ᠣᠷᠣᠰᠢᠭᠤᠯᠭ᠎ᠠ ᠶᠢ ᠥᠭᠡᠷᠡᠴᠢᠯᠡᠵᠦ᠂ ᠮᠣᠳᠣᠨ ᠳᠤ ᠣᠷᠣᠰᠢᠭᠤᠯᠬᠤ᠂ ᠴᠡᠴᠡᠭ ᠲᠤ ᠣᠷᠣᠰᠢᠭᠤᠯᠬᠤ᠂ ᠵᠦᠯᠭᠡᠨ ᠳᠤ ᠣᠷᠣᠰᠢᠭᠤᠯᠬᠤ ᠵᠡᠷᠭᠡ ᠠᠮᠢ ᠠᠬᠤᠶᠢᠴᠢ ᠣᠷᠣᠰᠢᠭᠤᠯᠭ᠎ᠠ ᠶᠢᠨ ᠠᠷᠭ᠎ᠠ ᠬᠡᠯᠪᠡᠷᠢ ᠶᠢ ᠰᠣᠩᠭᠤᠨ᠂ ᠳᠤᠷ᠎ᠠ ᠪᠠᠷ ᠢᠶᠠᠨ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠡᠰᠡᠷᠭᠦᠴᠡᠵᠦ᠂ ᠲᠣᠮᠣ ᠪᠤᠯᠠᠰᠢ᠂ ᠬᠡᠭᠡᠨᠴᠢᠷ ᠪᠤᠯᠠᠰᠢ ᠵᠠᠰᠠᠬᠤ ᠦᠭᠡᠢ ᠪᠠᠶᠢᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠠᠷᠪᠢᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ᠃      ᠲᠠᠪᠤ᠂ ᠵᠠᠩ ᠳᠠᠳᠬᠠᠯ ᠢ ᠥᠭᠡᠷᠡᠴᠢᠯᠡᠬᠦ ᠶᠢ ᠰᠠᠨᠠᠭᠠᠴᠢᠯᠠᠵᠤ᠂ ᠪᠣᠯᠪᠠᠰᠤᠨ ᠳᠠᠬᠢᠯᠭ᠎ᠠ ᠶᠢ ᠠᠬᠢᠭᠤᠯᠬᠤ ᠬᠡᠷᠡᠭᠲᠡᠢ      ᠪᠣᠯᠪᠠᠰᠤᠨ ᠳᠠᠬᠢᠯᠭ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠠᠬᠢᠯᠭ᠎ᠠ ᠬᠢᠵᠦ᠂ ᠰᠣᠷᠭᠤᠭ ᠴᠡᠴᠡᠭ ᠬᠦᠷᠭᠡᠬᠦ᠂ ᠮᠣᠳᠣ ᠲᠠᠷᠢᠵᠤ ᠨᠣᠭᠤᠭᠠᠷᠠᠭᠤᠯᠬᠤ᠂ ᠠᠯᠤᠰ ᠠᠴᠠ ᠳᠠᠬᠢᠬᠤ᠂ ᠰᠣᠩᠭᠤᠳᠠᠭ ᠵᠣᠬᠢᠶᠠᠯ ᠤᠩᠰᠢᠬᠤ᠂ ᠰᠦᠯᠵᠢᠶᠡᠨ ᠳᠡᠭᠡᠷ᠎ᠡ ᠳᠠᠬᠢᠯᠭ᠎ᠠ ᠬᠢᠬᠦ ᠵᠡᠷᠭᠡ ᠬᠡᠯᠪᠡᠷᠢ ᠪᠠᠷ ᠥᠩᠭᠡᠷᠡᠭᠰᠡᠳ ᠢᠶᠠᠨ ᠳᠤᠷᠠᠰᠤᠨ ᠰᠠᠨᠠᠭᠠᠯᠵᠠᠬᠤ ᠬᠡᠷᠡᠭᠲᠡᠢ᠃ ᠣᠯᠠᠨ ᠨᠡᠶᠢᠲᠡ ᠶᠢᠨ ᠡᠮᠬᠢ ᠳᠢᠭᠯᠢᠮ ᠪᠠ ᠭᠠᠯ ᠢ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠭᠤᠯᠠ ᠶᠢᠨ ᠣᠷᠣᠢ᠂ ᠣᠶᠢᠲᠤ ᠭᠠᠵᠠᠷ᠂ ᠣᠩᠭᠤᠨ ᠤ ᠭᠠᠵᠠᠷ ᠲᠤ ᠲᠤᠶ᠋ᠢᠩ ᠰᠢᠲᠠᠭᠠᠵᠤ ᠬᠦᠵᠢ ᠠᠰᠠᠭᠠᠬᠤ ᠦᠭᠡᠢ᠂ ᠴᠢᠬᠤᠯᠠ ᠵᠠᠮ ᠤᠨ ᠬᠤᠶᠠᠷ ᠬᠠᠵᠠᠭᠤ᠂ ᠦᠵᠡᠮᠵᠢ ᠶᠢᠨ ᠣᠷᠣᠨ ᠵᠢᠴᠢ ᠤᠰᠤᠨ ᠤ ᠡᠬᠢ ᠰᠤᠷᠪᠤᠯᠵᠢ ᠶᠢᠨ ᠭᠠᠵᠠᠷ ᠵᠡᠷᠭᠡ ᠭᠠᠵᠠᠷ ᠲᠤ ᠣᠩᠭᠤᠨ ᠬᠥᠰᠢᠶ᠎ᠡ ᠪᠣᠰᠬᠠᠬᠤ ᠪᠠ ᠲᠤᠶ᠋ᠢᠩ ᠤᠨ ᠴᠠᠭᠠᠰᠤ ᠰᠢᠲᠠᠭᠠᠵᠤ ᠪᠣᠯᠬᠤ ᠦᠭᠡᠢ᠃      ᠪᠣᠯᠪᠠᠰᠤᠨ ᠲᠠᠬᠢᠯᠭ᠎ᠠ ᠬᠢᠬᠦ ᠳᠤ ᠪᠢᠳᠡ ᠬᠠᠮᠲᠤ ᠪᠠᠷ ᠴᠢᠷᠮᠠᠶᠢᠬᠤ ᠬᠡᠷᠡᠭᠲᠡᠢ᠃ ᠪᠢᠳᠡ ᠢᠳᠡᠪᠬᠢᠲᠡᠢ ᠬᠦᠳᠡᠯᠦᠯᠴᠡᠨ᠂ ᠪᠣᠯᠪᠠᠰᠤᠨ ᠳᠠᠬᠢᠯᠭ᠎ᠠ ᠶᠢᠨ ᠰᠠᠨᠠᠭᠠᠴᠢᠯᠠᠭᠴᠢ᠂ ᠮᠠᠭᠤ ᠳᠠᠳᠬᠠᠯ ᠢ ᠠᠷᠢᠯᠭᠠᠬᠤ ᠬᠤᠰᠢᠭᠤᠴᠢ᠂ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠠᠬᠢᠭᠤᠯᠤᠭᠴᠢ ᠪᠣᠯᠬᠤ ᠪᠠᠷ ᠴᠢᠷᠮᠠᠶᠢᠵᠤ᠂ ᠳᠤᠷᠠᠰᠤᠯ ᠮᠥᠷᠥᠭᠡᠳᠦᠯ ᠢᠶᠠᠨ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠣᠯᠪᠠᠰᠤᠨ᠂ ᠪᠣᠬᠢᠷᠲᠤᠯ ᠦᠭᠡᠢ᠂ ᠠᠷᠪᠢᠴᠢ ᠭᠠᠮᠲᠠᠢ᠂ ᠠᠮᠤᠷ ᠲᠦᠪᠰᠢᠨ᠂ ᠠᠮᠢ ᠠᠬᠤᠶᠢᠴᠢ ᠬᠠᠩᠰᠢ ᠶᠢᠨ ᠡᠳᠦᠷ ᠢ ᠬᠠᠮᠲᠤ ᠪᠠᠷ ᠥᠩᠭᠡᠷᠡᠭᠦᠯᠦᠶ᠎ᠡ᠃                 ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ                         2024 ᠣᠨ ᠤ 3 ᠰᠠᠷ᠎ᠠ ᠶᠢᠨ 18 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ