﹇ᠲᠤᠭ᠎ᠠ ᠪᠠᠷᠢᠮᠲᠠ ᠪᠠᠷ ᠦᠭᠦᠯᠡᠬᠦᠢ﹈ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠰᠣᠶᠣᠯ ᠲᠠᠮᠢᠷ ᠤᠨ ᠠᠵᠢᠯ ᠢ ᠶᠡᠭᠡ ᠬᠦᠴᠦᠨ ᠢᠶᠠᠷ ᠳᠡᠮᠵᠢᠨ ᠪᠠᠲᠤᠯᠠᠵᠤ ᠪᠣᠢ
ᠨᠡᠶᠢᠲᠡᠯᠡᠭᠰᠡᠨ ᠴᠠᠭ᠄
2024/3/5
      2024 ᠣᠨ ᠤ 2 ᠰᠠᠷ᠎ᠠ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ 49 ᠲᠦᠮᠡᠨ ᠲᠥᠭᠦᠷᠢᠭ ᠤᠨ ᠰᠣᠶᠣᠯ ᠵᠢᠭᠤᠯᠴᠢᠯᠠᠯ ᠤᠨ ᠰᠢᠰᠲ᠋ᠧᠮ ᠳᠤ ᠪᠠᠭᠤᠯᠭᠠᠵᠤ᠂ ᠡᠭᠦᠨ ᠳᠤ ᠨᠣᠮ ᠤᠨ ᠰᠠᠩ᠂ ᠰᠣᠶᠣᠯ ᠤᠨ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠪᠡᠯᠡ ᠮᠥᠩᠭᠦ 24 ᠲᠦᠮᠡᠨ ᠲᠥᠭᠦᠷᠢᠭ᠂ ᠮᠦᠽᠧᠢ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ ᠪᠡᠯᠡ ᠮᠥᠩᠭᠦ 19 ᠲᠦᠮᠡᠨ ᠲᠥᠭᠦᠷᠢᠭ᠂ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ 6 ᠲᠦᠮᠡᠨ ᠲᠥᠭᠦᠷᠢᠭ ᠪᠠᠭᠲᠠᠨ᠎ᠠ᠃     ᠲᠣᠰ ᠪᠡᠯᠡ ᠮᠥᠩᠭᠦ ᠶᠢ ᠨᠣᠮ ᠤᠨ ᠰᠠᠩ᠂ ᠰᠣᠶᠣᠯ ᠤᠨ ᠣᠷᠳᠣᠨ᠂ ᠮᠦᠽᠧᠢ ᠶᠢᠨ ᠡᠳᠦᠷ ᠲᠤᠲᠤᠮ ᠤᠨ ᠬᠡᠷᠡᠭᠯᠡᠭᠡᠨ ᠤ ᠬᠠᠮᠠᠭᠠᠯᠠᠯᠲᠠ ᠵᠢᠴᠢ ᠰᠣᠶᠣᠯ ᠲᠠᠮᠢᠷ ᠤᠨ ᠠᠵᠢᠯᠯᠠᠭ᠎ᠠ ᠡᠷᠭᠢᠯᠡᠬᠦ ᠳᠤ ᠬᠡᠷᠡᠭᠯᠡᠵᠦ᠂ ᠪᠥᠬᠦ ᠬᠤᠰᠢᠭᠤᠨ ᠤ ᠰᠣᠶᠣᠯ ᠤᠨ ᠰᠢᠰᠲ᠋ᠧᠮ ᠤᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢ ᠪᠠᠲᠤᠯᠠᠬᠤ ᠳᠤ ᠬᠦᠴᠦᠲᠡᠢ ᠪᠡᠯᠡ ᠮᠥᠩᠭᠦ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃
ᠢᠷᠡᠯᠲᠡ᠄ ᠲᠣᠲᠣᠷᠬᠠᠢ ᠦᠭᠡᠢ