ᠢᠴᠡᠭᠰᠡᠦᠨ ᠬᠥᠳᠡᠯᠬᠦ ᠪᠠ ᠪᠡᠶ᠎ᠡ ᠰᠤᠪᠢᠯᠠᠯᠲᠠ
ᠨᠡᠶᠢᠲᠡᠯᠡᠭᠰᠡᠨ ᠴᠠᠭ᠄
2024/3/6
      ᠥᠨᠥᠳᠦᠷ᠂ ᠪᠡᠭᠡᠵᠢᠩ ᠳᠤ ᠴᠢᠬᠢᠭ ᠬᠤᠷ᠎ᠠ ᠲᠠᠢ ᠪᠡᠯᠭᠡ ᠳᠡᠮᠪᠡᠷᠢᠯ ᠲᠠᠢ ᠰᠠᠶᠢᠬᠠᠨ ᠤᠷᠢᠨ ᠪᠣᠯᠵᠤ ᠪᠠᠶᠢᠨ᠎ᠠ ᠃ ᠮᠥᠨᠴᠦ 24 ᠴᠠᠭ ᠤᠯᠠᠷᠢᠯ ᠤᠨ 3 ᠳᠠᠬᠢ ᠴᠠᠭ ᠤᠯᠠᠷᠢᠯ ᠪᠣᠯᠬᠤ ᠢᠴᠡᠭᠰᠡᠦᠨ ᠬᠥᠳᠡᠯᠦᠭᠰᠡᠨ ᠡᠳᠦᠷ ᠪᠣᠯᠣᠯ᠎ᠠ᠃      ᠪᠡᠯᠭᠡ ᠳᠡᠮᠪᠡᠷᠢᠯ ᠲᠠᠢ ᠭᠡᠳᠡᠭ ᠨᠢ ᠥᠨᠥᠳᠦᠷ ᠪᠡᠭᠡᠵᠢᠩ ᠳᠠᠬᠢ ᠠᠷᠠᠤᠨ ᠤᠨ ᠶᠡᠭᠡ ᠬᠤᠷᠠᠯ ᠤᠨ ᠲᠠᠩᠬᠢᠮ ᠳᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠤᠨ ᠤᠨ ᠲᠥᠯᠦᠭᠡᠯᠡᠭᠴᠢᠦᠨ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠪᠣᠯᠵᠤ᠂ ᠶᠡᠷᠦᠩᠬᠡᠢ  ᠰᠠᠶᠢᠤᠨ ᠯᠢ ᠴᠢᠶᠠᠩ ᠵᠠᠰᠠᠭ ᠤᠨ ᠣᠷᠳᠤᠨ ᠤ ᠠᠵᠢᠯ ᠤᠨ ᠢᠯᠡᠦᠨᠬᠡᠯ ᠳᠡᠭᠡᠨ᠂ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠵᠤ᠂ ᠰᠠᠭᠤᠭᠠᠯᠢ ᠠᠷᠠᠤᠨ ᠤᠨ ᠡᠮ ᠡᠮᠨᠡᠯᠭᠡ ᠶᠢᠨ ᠳᠠᠭᠠᠤᠨᠬᠠᠯ ᠳᠠᠬᠢ ᠬᠦᠮᠦᠨ ᠪᠦᠷᠢ ᠳᠤ ᠣᠯᠭᠤᠬᠤ ᠡᠳ᠋ ᠤᠨ ᠵᠠᠰᠠᠭ ᠤᠨ ᠲᠤᠮᠳᠠᠴᠢ ᠨᠥᠬᠦᠪᠦᠷᠢ ᠶᠢ 30 ᠲᠥᠭᠦᠷᠢᠭ ᠪᠣᠯᠭᠠᠨ ᠨᠡᠮᠡᠭᠳᠡᠭᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠯᠢᠳᠡᠭ ᠡᠮᠴᠢᠯᠡᠭᠡᠨ ᠤ  ᠡᠬᠢ  ᠪᠠᠶᠠᠯᠢᠭ ᠢ ᠦᠨᠳᠦᠰᠦᠨ ᠱᠠᠲᠤᠨ ᠳᠤ ᠢᠯᠡᠭᠦᠬᠡᠨ ᠪᠠᠭᠤᠯᠭᠠᠵᠤ᠂ ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠤᠯᠪᠣᠭᠠᠯᠠᠭᠰᠠᠨ ᠡᠮᠴᠢᠯᠡᠭᠡ ᠶᠢ ᠴᠢᠩᠭᠠᠤᠨᠬᠠᠵᠤ᠂ ᠬᠢᠲᠡᠦᠨ ᠡᠮ ᠡᠮᠨᠡᠯᠭᠡ ᠶᠢᠨ ᠤᠯᠠᠮᠵᠢᠯᠠᠯ ᠪᠠ ᠰᠢᠨᠡᠴᠢᠯᠡᠯᠲᠡ ᠶᠢ ᠠᠬᠢᠭᠤᠯᠤᠨ᠎ᠠ ᠭᠡᠰᠡᠨ ᠪᠠᠶᠢᠨ᠎ᠠ᠃      ︽ᠡᠳᠦᠷ ᠤᠨ ᠠᠵᠢᠯ ᠥᠷᠯᠦᠭᠡ ᠠᠴᠠ᠂ ᠵᠢᠯ ᠤᠨ ᠶᠠᠪᠤᠳᠠᠯ ᠬᠠᠪᠤᠷ ᠠᠴᠠ︾ ᠭᠡᠳᠡᠭᠴᠢᠯᠡᠨ ᠬᠠᠪᠤᠷ ᠤᠨ ᠤᠷᠢᠨ ᠪᠣᠯᠣᠭᠰᠠᠭᠠᠷ ᠠᠭᠤᠷ ᠠᠮᠢᠰᠬᠤᠯ ᠳᠤᠯᠠᠭᠠᠷᠠᠨ᠂ ᠡᠬᠡ ᠭᠠᠵᠠᠷ ᠭᠡᠰᠴᠦ᠂ ᠬᠤᠷ᠎ᠠ ᠪᠣᠷᠤᠭᠠᠨ  ᠨᠡᠮᠡᠭᠳᠡᠵᠦ ᠂ ᠲᠦᠮᠡᠨ  ᠪᠤᠳᠠᠰ ᠠᠮᠢᠯᠠᠨ ᠰᠡᠷᠭᠦᠬᠦ ᠳᠤ ᠲᠠᠭᠠᠲᠠᠢ ᠣᠷᠴᠢᠨ ᠪᠤᠢ ᠪᠣᠯᠳᠠᠭ᠃      ᠪᠠᠶᠢᠭᠠᠯᠢ  ᠳᠡᠯᠡᠬᠡᠢ ᠶᠢᠨ ᠠᠭᠤᠷ  ᠠᠮᠢᠰᠬᠤᠯ ᠤᠨ  ᠬᠤᠪᠢᠷᠠᠯᠲᠠ ᠶᠢ ᠳᠠᠭᠠᠵᠤ ᠬᠠᠪᠤᠷ ᠴᠠᠭ ᠬᠦᠮᠦᠨ ᠤ ᠪᠡᠶ᠎ᠡ ᠮᠠᠬᠠᠪᠤᠤᠨ ᠲᠤ ᠴᠤ ᠶᠡᠬᠡᠬᠡᠨ ᠬᠤᠪᠢᠷᠠᠯᠲᠠ ᠭᠠᠷᠳᠠᠭ ᠶᠤᠮ᠃ ᠡᠶᠢᠮᠤ ᠠᠴᠠ ᠢᠴᠡᠭᠰᠡᠦᠨ ᠬᠥᠳᠡᠯᠬᠦ ᠴᠠᠭ ᠤᠯᠠᠷᠢᠯ ᠤᠨ ᠳᠠᠷᠠᠭ᠎ᠠ ᠬᠦᠮᠦᠰ ᠪᠣᠷᠣ ᠱᠥᠯᠦ ᠬᠥᠩᠭᠡᠨ ᠬᠤᠭᠤᠯᠠ ᠵᠣᠭᠤᠭᠯᠠᠵᠤ᠂ ᠬᠦᠴᠢᠯᠯᠢᠭ ᠢᠳᠡᠭᠡᠨ ᠢ ᠪᠠᠭ᠎ᠠ ᠢᠳᠡᠵᠦ᠂ ᠠᠮᠲᠠᠯᠢᠭ ᠢᠳᠡᠭᠡᠨ ᠤᠮᠳᠠᠭᠠᠨ ᠢ ᠢᠯᠡᠭᠦᠦ ᠰᠢᠭ ᠢᠳᠡᠵᠦ ᠤᠤᠭᠤᠬᠤ ᠨᠢ ᠪᠡᠶ᠎ᠡ  ᠮᠠᠬᠠᠪᠤᠤᠨ ᠢᠶᠠᠨ  ᠰᠤᠪᠢᠯᠠᠨ ᠡᠯᠢᠭᠡ᠂ ᠳᠡᠯᠢᠭᠦᠦ  ᠵᠡᠷᠭᠡ ᠶᠢᠨ ᠡᠷᠬᠡᠲᠡᠨ ᠢᠶᠠᠨ ᠬᠠᠮᠠᠭᠠᠯᠠᠵᠤ ᠪᠠᠶᠢᠬᠤ ᠶᠢ ᠰᠠᠨᠠᠭᠤᠯᠤᠨ᠂ ᠠᠷᠠᠤᠨ ᠤᠨ ᠳᠤᠮᠳᠠ ᠡᠮ ᠤᠨ ︽ᠵᠣᠷ︾ ᠰᠢᠭ᠋ ᠤᠯᠠᠮᠵᠢᠯᠠᠭᠳᠠᠭᠰᠠᠨ ︽ᠪᠡᠶ᠎ᠡ ᠪᠠᠶᠢᠪᠠᠯ ᠪᠡᠭᠡᠵᠢᠩ ᠪᠠᠶᠢᠨ᠎ᠠ︾ ᠭᠡᠳᠡᠭ ᠦᠭᠡ ᠪᠠᠷ ᠲᠠ ᠪᠦᠬᠦᠨ ᠤ ᠪᠠᠨ  ᠪᠡᠶ᠎ᠡ ᠶᠢᠨ  ᠡᠷᠡᠭᠦᠯ  ᠮᠡᠨᠳᠦ  ᠪᠠᠶᠢᠬᠤ ᠶᠢ ᠬᠦᠰᠡᠨ ᠪᠡᠯᠭᠡᠳᠡᠶ᠎ᠡ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ