3 ᠰᠠᠷ᠎ᠠ ᠶᠢᠨ 5 ᠤ ᠦᠳᠡ ᠶᠢᠨ ᠬᠤᠶᠢᠨ᠎ᠠ᠂ ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠥᠪᠡᠷ | ᠥᠪᠡᠷᠰᠡᠳ ᠤᠨ ᠪᠠᠶᠢᠭ᠎ᠠ ᠡᠲᠡᠭᠡᠳ ᠢᠯᠭᠠᠯ ᠤᠨ ᠳᠤᠭᠤᠶᠢᠯᠠᠩ ᠳᠠᠭᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠢᠨᠠᠨ ᠵᠥᠪᠯᠡᠬᠦ ᠳᠤ | ᠣᠷᠣᠯᠴᠠᠬᠰᠠᠨ ᠪᠥᠭᠡᠳ ᠦᠭᠡ ᠬᠡᠯᠡᠵᠡᠢ᠃ | ᠵᠠᠩ ᠶᠠᠨ ᠺᠦᠨ ᠦᠭᠡ ᠬᠡᠯᠡᠬᠦ ᠳᠡᠭᠡᠨ᠂ ᠲᠡᠷᠢᠭᠦᠯᠡᠭᠴᠢ ᠸᠠᠩ ᠬᠤ᠋ ᠨᠢᠩ ᠤᠨ ᠬᠢᠭᠰᠡᠨ ᠮᠡᠳᠡᠭᠦᠯᠦᠯᠲᠡ ᠨᠢ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠬᠦ | ᠳᠡᠭᠡᠨ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠤᠰᠤᠳᠴᠢ ᠪᠥᠭᠡᠳ ᠪᠦᠭᠦ ᠲᠠᠯ᠎ᠠ ᠶᠢᠨ ᠪᠠᠶᠢᠵᠤ᠂ ᠡᠨᠡ ᠵᠢᠯ ᠤᠨ ᠠᠵᠢᠯ ᠢ ᠪᠠᠶᠢᠷᠢᠯᠠᠭᠤᠯᠬᠤ ᠳᠠᠭᠠᠨ | ᠬᠠᠷᠠᠯᠲᠠ ᠲᠣᠳᠣᠷᠬᠠᠢ᠂ ᠭᠤᠣᠯᠳᠠᠯᠭ᠎ᠠ ᠲᠣᠪᠣᠶᠢᠮ᠎ᠠ ᠪᠠᠶᠢᠵᠤ᠂ ᠲᠤᠭ ᠢ ᠥᠨᠳᠥᠷ ᠮᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠥᠮᠥᠰ ᠤᠨ | ᠰᠡᠳᠬᠢᠯ ᠢ ᠨᠢᠭᠲᠠᠷᠠᠭᠤᠯᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠥᠮᠥᠰ ᠢ ᠤᠷᠮᠠᠰᠢᠭᠤᠯᠤᠨ ᠵᠣᠷᠢᠭᠵᠢᠭᠤᠯᠤᠭᠰᠠᠨ ᠰᠠᠶᠢᠨ ᠮᠡᠳᠡᠭᠦᠯᠦᠯᠲᠡ ᠪᠣᠯᠵᠠᠢ | ᠭᠡᠪᠡ᠃ | ᠵᠠᠩ ᠶᠠᠨ ᠺᠦᠨ᠂ ᠥᠩᠭᠡᠷᠡᠭᠰᠡᠨ ᠨᠢᠭᠡ ᠵᠢᠯ ᠳᠤ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ | ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠭᠤᠣᠯ ᠠᠵᠢᠯ ᠪᠠ ᠶᠡᠭᠡ ᠲᠠᠯ᠎ᠠ ᠳᠤ ᠦᠢᠯᠡᠴᠢᠯᠡᠬᠦ | ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠶᠢᠯᠭ᠎ᠠ ᠶᠢ ᠭᠦᠢᠴᠡᠳ ᠢᠯᠡᠷᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠴᠢᠳᠠᠮᠵᠢ ᠶᠢᠨ ᠠᠮᠢᠳᠤᠯᠢᠭ ᠦᠢᠯᠡᠳᠦᠯᠭᠡ ᠶᠢ | ᠨᠠᠩ ᠳᠣᠪᠤᠶᠢᠯᠭᠠᠵᠤ᠂ ᠪᠠᠶᠢᠭᠤᠯᠤᠯ ᠲᠣᠭᠲᠠᠴᠠ ᠶᠢᠨ ᠬᠦᠴᠦᠷᠬᠡᠭ ᠶᠡᠭᠡ ᠦᠷ᠎ᠡ ᠠᠰᠢᠭ ᠢ ᠬᠦᠴᠦᠲᠡᠢ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠦᠢᠯᠡᠴᠢᠯᠡᠬᠦ ︽ᠤᠯᠤᠰ ᠲᠥᠷᠥ ᠶᠢᠨ ᠵᠥᠪᠯᠡᠯᠭᠡᠨ ᠤ ᠬᠠᠷᠢᠭᠤᠯᠲᠠ ᠶᠢᠨ ᠬᠠᠭᠤᠳᠠᠰᠤ︾ ᠶᠢ ᠲᠤᠰᠢᠶᠠᠵᠤ᠂ ᠣᠷᠣᠨ ᠨᠤᠲᠤᠭ ᠤᠨ ᠤᠯᠤᠰ | ᠲᠥᠷᠥ ᠶᠢᠨ ᠵᠥᠪᠯᠡᠯᠭᠡᠨ ᠳᠤ ᠬᠡᠪ ᠳᠦᠷᠢᠮ ᠪᠣᠯᠵᠤ᠂ ᠥᠯᠢᠭᠡᠷ ᠳᠠᠭᠤᠷᠢᠶᠠᠯ ᠦᠵᠡᠭᠦᠯᠪᠡ︔ ᠡᠨᠡ ᠵᠢᠯ ᠤᠨ ᠠᠵᠢᠯ ᠤᠨ ᠲᠣᠬᠢᠷᠠᠭᠤᠯᠤᠯᠲᠠ ᠳᠤ᠂ ︽ᠭᠤᠷᠪᠠᠨ ᠶᠡᠭᠡ | ᠡᠭᠦᠷᠭᠡ ᠲᠤᠰᠢᠶᠠᠯ ᠢᠶᠠᠨ ᠭᠦᠢᠴᠡᠳᠬᠡᠬᠦ ᠲᠥᠯᠥᠪᠯᠡᠭᠡ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠨᠢᠭᠡ | ᠴᠣᠭᠴᠠᠵᠢᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠭᠦ ᠳᠤ ᠴᠢᠬᠤᠯᠠ ᠵᠢᠯᠣᠭᠤᠳᠤᠮᠵᠢ ᠬᠠᠩᠭᠠᠵᠠᠢ ᠭᠡᠪᠡ᠃ | ᠭᠡᠰᠢᠭᠦᠳ ᠦᠭᠡ ᠬᠡᠯᠡᠬᠦ ᠳᠡᠭᠡᠨ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠰᠠᠨᠠᠯ | ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠨᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠡᠭᠢᠯᠡᠯᠲᠡ ᠶᠢᠨ ᠵᠢᠯ ᠤᠨ ᠰᠢᠨ᠎ᠡ | ᠦᠷ᠎ᠡ ᠪᠦᠲᠦᠮᠵᠢ ᠶᠢ ᠭᠦᠢᠴᠡᠳ ᠢᠯᠡᠷᠡᠭᠦᠯᠵᠦ᠂ ᠡᠨᠡ ᠵᠢᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠠᠵᠢᠯ ᠤᠨ ᠴᠢᠭᠯᠡᠯ ᠪᠠ ᠭᠤᠣᠯᠳᠠᠯᠭ᠎ᠠ ᠶᠢ ᠲᠣᠳᠣᠷᠬᠠᠶᠢᠯᠠᠪᠠ᠂ | ᠥᠪᠥᠷ ᠮᠣᠩᠭᠤᠯ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠯᠠᠪᠲᠠᠢ ᠬᠤᠶᠠᠷ | ᠮᠡᠳᠡᠭᠦᠯᠦᠯᠲᠡ ᠶᠢᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢ ᠬᠠᠷᠢᠯᠴᠠᠨ | ᠨᠡᠪᠲᠡᠷᠡᠯᠴᠡᠭᠦᠯᠬᠦ᠂ ᠠᠷᠭ᠎ᠠ ᠤᠬᠠᠭᠠᠨ ᠭᠠᠷᠭᠠᠵᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠬᠤᠣᠰ ᠴᠢᠭᠯᠡᠯ ᠢᠶᠠᠷ ᠬᠦᠴᠦᠯᠡᠬᠦ ᠶᠢ | ᠪᠠᠷᠢᠮᠲᠠᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠵᠡᠭᠡᠪᠡ᠃ | ᠮᠠᠨ ᠤ ᠣᠷᠣᠨ ᠳᠤ ᠰᠠᠭᠤᠭ᠎ᠠ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠦᠦᠳᠠᠭᠤᠯᠠ᠂ ᠪᠠᠢ ᠴᠢᠩ ᠶᠤᠸᠠᠨ᠂ ᠠᠨ ᠷᠦᠨ ᠱᠧᠩ᠂ | ᠰᠦᠨ ᠵᠢᠶᠦ᠋ᠨ ᠴᠢᠩ ᠲᠣᠰ ᠲᠣᠰ ᠥᠪᠡᠷ ᠥᠪᠡᠷᠰᠡᠳ ᠤᠨ ᠪᠠᠶᠢᠭ᠎ᠠ ᠳᠤᠭᠤᠶᠢᠯᠠᠩ ᠤᠨ ᠬᠢᠨᠠᠨ ᠵᠥᠪᠯᠡᠬᠦ ᠳᠤ ᠣᠷᠣᠯᠴᠠᠪᠠ᠃ | | |