ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 6 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 6 ᠤ ᠦᠳᠡ ᠶᠢᠨ ᠬᠤᠶᠢᠨ᠎ᠠ ᠪᠦᠭᠦ ᠤᠯᠤᠰ ᠤᠨ ᠤᠯᠤᠰ | ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ | ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ | ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ ᠤᠷᠤᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠲᠡᠷᠡ᠂ ᠠᠷᠠᠳ ᠤᠨ | ᠤᠯᠤᠰ ᠲᠦᠷᠦ ᠶᠢᠨ ᠵᠥᠪᠯᠡᠯᠭᠡᠨ ᠤ ᠡᠯ᠎ᠡ ᠨᠠᠮ ᠪᠦᠯᠦᠭ᠂ ᠡᠯ᠎ᠡ ᠪᠦᠯᠭᠦᠮ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠯ᠎ᠡ ᠲᠠᠯ᠎ᠠ ᠶᠢᠨ ᠬᠥᠮᠥᠰ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠣᠨ ᠲᠥᠪ ᠤᠨ | ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠠᠷᠭ᠎ᠠ | ᠤᠬᠠᠭᠠᠨ ᠭᠠᠷᠭᠠᠵᠤ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 6 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠬᠤᠶᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠲᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠬᠤᠷᠠᠯ ᠳᠤ | ᠤᠷᠤᠯᠴᠠᠵᠤ᠂ ᠰᠠᠨᠠᠯ ᠰᠠᠨᠠᠭᠤᠯᠭ᠎ᠠ ᠶᠢ ᠨᠢ ᠰᠣᠨᠣᠰᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ | ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠩ ᠵᠢᠩ ᠸᠧᠨ ᠰᠡᠭᠦᠳᠡᠷᠯᠡᠪᠡ | ︽3·8︾ ᠤ ᠳᠡᠯᠡᠬᠡᠢ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ ᠨᠠᠮ ᠤᠨ ᠲᠥᠪ | ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠵᠤ ᠪᠠᠶᠢᠭ᠎ᠠ ᠡᠮᠡᠭᠲᠡᠢ ᠲᠥᠯᠥᠭᠡᠯᠡᠭᠴᠢ᠂ ᠡᠮᠡᠭᠲᠡᠢ ᠭᠡᠰᠢᠭᠦᠨ᠂ ᠡᠮᠡᠭᠲᠡᠢ ᠠᠵᠢᠯᠲᠠᠨ᠂ | ᠪᠦᠭᠦ ᠤᠯᠤᠰ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠡᠮᠡᠭᠲᠡᠶᠢᠴᠦᠳ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ | ᠵᠠᠬᠢᠷᠭᠠᠨ ᠤ ᠣᠷᠣᠨ ᠪᠣᠯᠣᠨ ᠲᠠᠶᠢᠸᠠᠨ ᠣᠷᠣᠨ ᠤ ᠡᠮᠡᠭᠲᠡᠶᠢᠴᠦᠳ᠂ ᠭᠠᠳᠠᠭᠠᠳᠤ ᠳᠤ ᠪᠠᠶᠢᠭ᠎ᠠ ᠡᠮᠡᠭᠲᠡᠢ ᠬᠠᠷᠢᠶᠠᠲᠤ ᠨᠠᠷ ᠲᠤ ᠪᠠᠶᠠᠷ ᠤᠨ ᠡᠳᠦᠷ ᠤᠨ ᠮᠡᠨᠳᠦᠴᠢᠯᠡᠯ | ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ | ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠡᠷᠭᠢᠨ ᠦᠵᠡᠬᠦ ᠪᠠ ᠶᠠᠷᠢᠯᠴᠠᠬᠤ ᠳᠤ ᠣᠷᠣᠯᠴᠠᠵᠠᠢ᠃ | ᠳᠤᠭᠤᠶᠢᠯᠠᠩ ᠬᠠᠮᠲᠤᠷᠠᠭᠰᠠᠨ ᠬᠤᠷᠠᠯ ᠳᠡᠭᠡᠷ᠎ᠡ᠂ ᠰᠢᠶᠠ ᠰᠢᠶᠠᠨ ᠫᠧᠩ᠂ ᠲᠢᠶᠠᠨ ᠬᠤᠩ ᠴᠢ᠂ ᠦ᠋ ᠵᠢᠶᠠᠨ ᠫᠢᠩ᠂ ᠵᠣᠣ ᠢᠦᠢ ᠯᠢᠶᠠᠩ᠂ ᠬᠤᠸᠠᠩ ᠮᠢᠶᠠᠨ ᠰᠥᠩ᠂ | ᠬᠤ᠋ ᠰᠥᠩ ᠴᠢᠨ ᠵᠡᠷᠭᠡ 6 ᠭᠡᠰᠢᠭᠦᠨ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠶᠢ ᠴᠢᠩᠭᠠᠳᠬᠠᠬᠤ᠂ ᠡᠬᠡ ᠣᠷᠣᠨ ᠤ ᠪᠦᠷᠢᠨ ᠨᠢᠭᠡᠳᠦᠯ ᠢ ᠡᠷᠡᠰ ᠭᠤᠶᠢᠪᠢᠰᠢ ᠦᠭᠡᠢ ᠪᠠᠷ ᠠᠬᠢᠭᠤᠯᠬᠤ᠂ ᠢᠨᠲ᠋ᠧᠷ ᠰᠦᠯᠵᠢᠶᠡᠨ ᠤ ᠭᠤᠣᠯᠯᠠᠬᠤ | ᠮᠡᠷᠭᠡᠵᠢᠯ ᠢᠶᠠᠷ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠪᠣᠬᠢᠷᠳᠤᠯ ᠪᠣᠳᠠᠰ ᠤᠨ ᠵᠠᠰᠠᠯᠲᠠ ᠶᠢ ᠴᠢᠩᠭᠠᠳᠬᠠᠬᠤ ᠵᠡᠷᠭᠡ ᠶᠢᠨ ᠲᠣᠭᠤᠷᠢᠨ ᠳᠤ ᠦᠭᠡ | ᠬᠡᠯᠡᠪᠡ᠃ | ᠰᠢ ᠶᠢᠨ ᠫᠢᠩ ᠤᠯᠠᠨ ᠤ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ ᠣᠯᠠᠨ ᠲᠠᠢ ᠬᠠᠮᠲᠤ ᠶᠠᠷᠢᠯᠴᠠᠨ | ᠰᠣᠯᠢᠯᠴᠠᠵᠤ᠂ ᠰᠠᠨᠠᠯ ᠰᠠᠨᠠᠭᠤᠯᠭ᠎ᠠ ᠶᠢ ᠰᠣᠨᠣᠰᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠲᠡᠷᠡ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠠᠳᠡ ᠰᠠᠭᠤᠵᠤ | ᠪᠠᠶᠢᠭ᠎ᠠ ᠭᠡᠰᠢᠭᠦᠳ ᠪᠣᠯᠣᠨ ᠥᠷᠭᠡᠨ ᠤᠯᠠᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠪᠦᠷᠢᠯᠳᠦᠭᠦᠨ ᠪᠣᠯᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠥᠮᠥᠰ ᠲᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ 2023 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠬᠤ ᠡᠭᠢᠯᠡᠯᠲᠡ ᠶᠢᠨ ᠵᠢᠯ ᠪᠣᠯᠣᠨ᠎ᠠ᠃ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠲᠤ ᠰᠢᠯᠵᠢᠭᠦ ᠶᠢ ᠡᠷᠡᠰ ᠰᠢᠭᠤᠷᠬᠠᠢ ᠬᠡᠷᠡᠭᠵᠢᠭᠦᠯᠵᠦ᠂ ᠠᠵᠤ ᠠᠬᠤᠢ ᠶᠢᠨ | ᠰᠡᠷᠭᠦᠯᠲᠡ ᠬᠥᠭᠵᠢᠯᠲᠡ ᠶᠢ ᠪᠦᠭᠦ ᠬᠦᠴᠦ ᠪᠠᠷ ᠢᠶᠠᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠠᠮᠵᠢᠯᠲᠠ ᠪᠦᠲᠦᠮᠵᠢ ᠶᠢ ᠭᠢᠯᠪᠠᠷᠬᠠᠨ ᠢᠶᠠᠷ ᠣᠯᠣᠭᠰᠠᠨ ᠪᠢᠰᠢ᠂ | ᠡᠨᠡ ᠪᠣᠯ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠲᠡᠮᠡᠴᠡᠭᠰᠡᠨ ᠤ ᠦᠷ᠎ᠡ ᠳ᠋ᠦᠩ ᠮᠥᠨ᠂ | ᠪᠠᠰᠠ ᠴᠤ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠦᠴᠦ ᠭᠦᠳᠡᠯᠮᠦᠷᠢ ᠪᠠ ᠤᠶᠤᠨ ᠤᠬᠠᠭᠠᠨ ᠢ ᠰᠢᠩᠭᠡᠭᠡᠵᠦ ᠪᠠᠶᠢᠨ᠎ᠠ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠥᠩᠭᠡᠷᠡᠭᠰᠡᠨ ᠨᠢᠭᠡ ᠵᠢᠯ ᠳᠤ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ︽ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠵᠤ | ᠰᠠᠭᠤᠷᠢ ᠪᠠᠨ ᠪᠠᠲᠤᠳᠬᠠᠵᠤ᠂ ᠰᠢᠨ᠎ᠡ ᠠᠶᠠᠨ ᠳᠤ ᠪᠦᠯᠬᠦᠮᠳᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ | ᠲᠦᠷᠦ ᠶᠢᠨ ᠵᠥᠪᠯᠡᠯᠭᠡ ᠬᠢᠬᠦ᠂ ᠲᠦᠷᠦ ᠶᠢᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠬᠡᠮᠥ᠋ᠷᠡᠨ ᠤ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤ ᠦᠷᠭᠦᠯᠵᠢᠯᠡᠨ ᠣᠷᠣᠯᠴᠠᠵᠤ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠶᠢ ᠢᠳᠡᠪᠬᠢᠲᠡᠢ ᠠᠬᠢᠭᠤᠯᠪᠠ᠃ | ᠥᠷᠭᠡᠨ ᠤᠯᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠲᠡᠭᠡᠳ ᠤᠨ ᠬᠥᠮᠥᠰ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠳᠤ ᠣᠷᠤᠯᠴᠠᠬᠤ ᠶᠢ ᠢᠳᠡᠪᠬᠢᠲᠡᠢ ᠲᠡᠮᠵᠢᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠯᠡᠨ ᠣᠷᠣᠯᠴᠠᠪᠠ᠃ | ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠬᠢᠨ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠯᠲᠡ ᠶᠢᠨ ᠠᠷᠭ᠎ᠠ | ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠲᠠᠶᠢᠸᠠᠨ ᠤ ᠠᠵᠢᠯ ᠤᠨ ᠶᠡᠭᠡ ᠲᠠᠯ᠎ᠠ ᠳᠤ ᠴᠢᠨᠠᠭᠰᠢᠳᠠ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠣᠯᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ᠂ ᠠᠷᠠᠯ ᠤᠨ | ᠳᠣᠲᠣᠷ᠎ᠠ ᠭᠠᠳᠠᠨᠠᠬᠢ ᠪᠦᠯᠬᠦᠮᠳᠡᠵᠦ ᠪᠤᠯᠬᠤ ᠤᠯᠤᠰ ᠢᠶᠠᠨ ᠬᠠᠶᠢᠷᠠᠯᠠᠬᠤ ᠬᠦᠴᠦᠨ ᠪᠦᠭᠦᠨ ᠲᠠᠢ ᠨᠡᠩ ᠰᠠᠶᠢᠲᠤᠷ ᠪᠦᠯᠬᠦᠮᠳᠡᠵᠦ᠂ ︽ᠲᠤᠰᠠᠭᠠᠷ ᠲᠣᠭᠲᠠᠨᠢᠭᠤᠯᠬᠤ︾ | ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠬᠦᠴᠦᠨ ᠢ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠡᠬᠡ ᠤᠯᠤᠰ ᠢᠶᠠᠨ ᠨᠠᠶᠢᠷᠠᠮᠳᠠᠯ ᠢᠶᠠᠷ ᠨᠢᠭᠡᠳᠬᠡᠬᠦ ᠠᠬᠢᠴᠠ ᠶᠢ | ᠬᠠᠮᠲᠤ ᠪᠠᠷ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠥᠳᠡᠭᠡ ᠠᠵᠤ ᠠᠬᠤᠢ᠂ ᠰᠣᠶᠣᠯ | ᠢᠷᠭᠡᠨᠰᠢᠯ᠂ ᠵᠠᠯᠠᠭᠤᠴᠤᠳ ᠤᠨ ᠬᠥᠭᠵᠢᠯᠲᠡ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠲᠠᠶᠢᠸᠠᠨ ᠬᠤᠭᠤᠯᠠᠢ ᠶᠢᠨ | ᠬᠤᠶᠠᠷ ᠬᠥᠪᠡᠭᠡᠨ ᠤ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠡᠲᠡᠭᠡᠳ ᠤᠨ ᠭᠡᠰᠢᠭᠦᠳ ᠪᠣᠯᠣᠨ ᠥᠷᠭᠡᠨ ᠤᠯᠠᠨ ᠰᠢᠨᠵᠢᠯᠡᠬᠦ ᠤᠬᠠᠭᠠᠨ ᠲᠸᠭ᠍ᠨ᠋ᠶᠢᠠ᠋ | ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠳᠬᠠᠵᠤ᠂ | ᠰᠢᠨᠵᠢᠯᠡᠬᠦ ᠤᠬᠠᠭᠠᠨ ᠲᠸᠭ᠍ᠨ᠋ᠶᠢᠠ᠋ ᠮᠡᠷᠭᠡᠵᠢᠯ ᠤᠨ ᠰᠢᠨ᠎ᠡ ᠶᠢ ᠡᠭᠦᠳᠬᠦ ᠬᠦᠨᠳᠦ ᠡᠭᠦᠷᠭᠡ ᠶᠢ ᠡᠭᠦᠷᠭᠡᠯᠡᠵᠦ᠂ ᠰᠠᠭᠤᠷᠢ ᠰᠤᠳᠤᠯᠭᠠᠨ ᠪᠣᠯᠣᠨ ᠬᠡᠷᠡᠭᠯᠡᠭᠡᠨ ᠤ ᠰᠠᠭᠤᠷᠢ | ᠰᠤᠳᠤᠯᠭᠠᠨ ᠢ ᠴᠢᠩᠭᠠᠳᠬᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠴᠢᠳᠠᠪᠤᠷᠢ ᠶᠢ ᠪᠣᠶᠢᠵᠢᠭᠤᠯᠬᠤ ᠬᠡᠷᠡᠭᠲᠡᠢ᠃ ᠪᠣᠳᠠᠲᠠᠢ ᠶᠢ ᠡᠷᠬᠢᠮᠯᠡᠨ ᠰᠠᠨᠠᠯ ᠰᠠᠨᠠᠭᠤᠯᠭ᠎ᠠ | ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠣᠨ ᠴᠢᠳᠠᠪᠤᠷᠢᠲᠠᠨ ᠤ ᠬᠥᠭᠵᠢᠯᠲᠡ ᠶᠢᠨ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ | ᠪᠣᠯᠣᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ ᠴᠢᠳᠠᠪᠤᠷᠢᠲᠠᠨ ᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠣᠯᠣᠨ ᠲᠠᠯᠳᠠ | ᠬᠦᠴᠦᠨ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠥᠷᠭᠡᠨ ᠤᠯᠠᠨ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠬᠤ᠂ ᠴᠢᠨᠠᠷ ᠰᠠᠶᠢᠲᠠᠢ ᠬᠥᠭᠵᠢᠯᠲᠡ ᠶᠢ ᠥᠨᠳᠥᠷ ᠲᠦᠪᠰᠢᠨ ᠢᠶᠠᠷ ᠬᠠᠮᠠᠭᠠᠯᠠᠵᠤ ᠲᠤᠯᠭᠠᠭᠤᠷᠢᠯᠠᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠭᠦ | ᠬᠡᠷᠡᠭᠲᠡᠢ᠃ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠶᠢ | ᠪᠠᠬᠢᠵᠢᠭᠦᠯᠬᠦ ᠬᠡᠷᠡᠭᠲᠡᠢ᠃ ᠨᠠᠷᠢᠯᠢᠭ ᠣᠨᠣᠪᠴᠢᠲᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ | ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠪᠠᠶᠢᠬᠤ᠂ ᠳᠣᠣᠷ᠎ᠠ | ᠨᠡᠭᠦᠷᠡᠰᠦᠲᠥ᠋ᠷᠥᠭᠴᠢᠲᠦ ᠪᠠᠶᠢᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠵᠤ᠂ ᠠᠮᠢ | ᠠᠬᠤᠢ ᠶᠢᠨ ᠦᠢᠯᠡᠳᠬᠦᠨ ᠤ ᠥᠷᠲᠡᠭ ᠢ ᠪᠣᠳᠠᠲᠠᠢ ᠪᠤᠯᠭᠠᠬᠤ ᠠᠷᠭ᠎ᠠ ᠵᠠᠮ ᠢ ᠥᠷᠭᠡᠳᠬᠡᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ | ᠬᠡᠮᠵᠢᠭᠳᠡᠯ ᠳᠤ ᠬᠦᠷᠬᠦ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ | ᠰᠢᠨ᠎ᠡ ᠬᠥᠳᠡᠯᠭᠡᠬᠦ ᠴᠢᠳᠠᠪᠤᠷᠢ ᠨᠡᠮᠡᠷᠢᠯᠡᠵᠦ᠂ ᠰᠢᠨ᠎ᠡ ᠳᠠᠪᠠᠭᠤᠯᠢᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠠᠷᠠᠳ ᠤᠨ ᠤᠯᠤᠰ | ᠲᠦᠷᠦ ᠶᠢᠨ ᠵᠥᠪᠯᠡᠯᠭᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠤᠨ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠮᠵᠢ ᠪᠠᠨ ᠴᠢᠩᠭᠠᠳᠬᠠᠨ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠨ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤᠰ ᠪᠡᠶ᠎ᠡ ᠶᠢᠨ ᠬᠡᠪ ᠴᠢᠨᠠᠷ ᠪᠠ ᠲᠤᠰᠢᠶᠠᠯ ᠬᠠᠷᠢᠭᠤᠴᠠᠯᠭ᠎ᠠ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠠᠵᠢᠯ ᠪᠠ ᠤᠯᠠᠨ ᠨᠠᠮ ᠤᠨ ᠬᠠᠮᠲᠤᠷᠠᠨ ᠠᠵᠢᠯᠯᠠᠬᠤ ᠦᠢᠯᠡᠰ ᠤᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠱᠢ ᠲᠠᠢ ᠹᠧᠩ᠂ ᠵᠧᠩ ᠵᠢᠶᠠᠨ ᠪᠠᠩ᠂ ᠬᠤ᠋ ᠴᠦᠨ ᠬᠤᠸᠠ᠂ ᠸᠠᠩ ᠳ᠋ᠦᠩ ᠹᠧᠩ᠂ ᠾᠧ ᠪᠦᠦ ᠰᠢᠶᠠᠩ ᠨᠠᠷ ᠳᠤᠭᠤᠶᠢᠯᠠᠩ ᠬᠠᠮᠲᠤᠷᠠᠭᠰᠠᠨ ᠬᠤᠷᠠᠯ ᠳᠤ | ᠣᠷᠣᠯᠴᠠᠪᠠ᠃ | | |