ᠰᠢᠨ᠎ᠡ ᠪᠠᠷᠭᠤ ᠪᠠᠷᠠᠭᠤᠨ ᠬᠤᠰᠢᠭᠤ᠄ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠠᠷᠢᠯᠭᠠᠵᠤ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠳᠠᠯ ᠢ ᠬᠠᠮᠠᠭᠠᠯᠠᠵᠤ ᠪᠣᠢ
ᠨᠡᠶᠢᠲᠡᠯᠡᠭᠰᠡᠨ ᠴᠠᠭ᠄
2024/3/7
      ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠢᠨᠠᠯᠲᠠ ᠲᠠᠯᠪᠢᠵᠤ ᠵᠢᠭᠰᠠᠭᠠᠨ ᠪᠠᠶᠢᠴᠠᠭᠠᠬᠤ᠂ ᠠᠮᠤᠷ ᠲᠦᠪᠰᠢᠨ ᠤ ᠵᠢᠯᠣᠭᠤᠳᠤᠯᠭ᠎ᠠ ᠬᠢᠬᠦ᠂ ᠤᠬᠠᠭᠤᠯᠭ᠎ᠠ ᠬᠥᠮᠦᠵᠢᠯ ᠦᠷᠨᠢᠭᠦᠯᠬᠦ ᠵᠡᠷᠭᠡ ᠬᠡᠯᠪᠡᠷᠢ ᠪᠠᠷ ᠳᠠᠮᠵᠢᠨ᠂ ᠰᠠᠭᠤᠭᠠᠯᠢ ᠲᠣᠭᠤᠷᠢᠭ ᠤᠨ ᠠᠮᠤᠷ ᠲᠦᠪᠰᠢᠨ᠂ ᠭᠠᠯ ᠴᠠᠬᠢᠯᠭᠠᠨ ᠬᠡᠷᠡᠭᠯᠡᠬᠦ ᠠᠮᠤᠷ ᠲᠦᠪᠰᠢᠨ ᠵᠢᠴᠢ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠮᠡᠳᠡᠯᠭᠡ ᠶᠢ ᠤᠯᠠᠮ ᠨᠢᠭᠡ ᠠᠯᠬᠤᠮ ᠲᠦᠭᠡᠮᠡᠯᠵᠢᠭᠦᠯᠵᠦ᠂ ᠪᠥᠬᠦ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠲᠣᠣᠷ ᠢ ᠪᠥᠬᠦ ᠲᠠᠯ᠎ᠠ ᠪᠠᠷ ᠨᠢᠭᠲᠠ ᠪᠥᠭᠡᠳ ᠪᠠᠲᠤ ᠪᠠᠬᠢ ᠰᠦᠯᠵᠢᠵᠦ᠂ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠵᠤ᠂ ᠪᠥᠬᠦ ᠬᠤᠰᠢᠭᠤᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠭᠰᠠᠨ ᠶᠤᠮ᠃
3.7安全1.jpg
      ︽ᠭᠡᠷ ᠳᠣᠲᠣᠷ᠎ᠠ ᠪᠤᠶᠤ ᠠᠰᠠᠷ ᠤᠨ ᠭᠤᠳᠤᠮᠵᠢᠨ ᠳᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠵᠦ ᠪᠣᠯᠬᠤ ᠦᠭᠡᠢ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠤᠲᠠᠰᠤ ᠲᠠᠢ ᠵᠠᠯᠭᠠᠯᠳᠤᠭᠰᠠᠨ ᠤ ᠳᠠᠷᠠᠭ᠎ᠠ ᠭᠠᠯ ᠭᠠᠷᠤᠨ᠎ᠠ︾᠂ ︽ᠴᠠᠬᠢᠯᠭᠠᠨ ᠴᠡᠨᠡᠭᠯᠡᠬᠦ ᠴᠢᠬᠤᠯᠠᠲᠠᠢ ᠪᠣᠯ ᠴᠠᠬᠢᠯᠭᠠᠨ ᠴᠡᠨᠡᠭᠯᠡᠬᠦ ᠱᠤᠩ ᠳᠡᠭᠡᠷ᠎ᠡ ᠴᠠᠬᠢᠯᠭᠠᠨ ᠴᠡᠨᠡᠭᠯᠡᠭᠡᠷᠡᠢ︾᠃ ᠠᠯᠳ᠋ᠬᠠᠮᠡᠭᠡᠯ ᠪᠠᠯᠭᠠᠰᠤ ᠶᠢᠨ ᠬᠥᠯᠥᠨ ᠰᠠᠭᠤᠭᠠᠯᠢ ᠲᠣᠭᠤᠷᠢᠭ ᠲᠤ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠨᠡᠶᠢᠭᠡᠮ ᠲᠣᠭᠤᠷᠢᠭ ᠪᠠ ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠠᠵᠢᠯᠲᠠᠳ ᠭᠡᠷ ᠡᠷᠦᠬᠡ ᠳᠤ ᠣᠷᠣᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢᠨ ᠴᠠᠬᠢᠯᠭᠠᠨ ᠴᠡᠨᠡᠭᠯᠡᠬᠦ ᠪᠠ ᠵᠣᠭᠰᠣᠭᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠪᠡ᠃      ᠬᠡᠳᠦᠨ ᠡᠳᠦᠷ ᠤᠨ ᠲᠤᠷᠰᠢ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠷᠠᠳ ᠤᠨ ᠴᠠᠭᠳᠠᠭ᠎ᠠ ᠨᠠᠷ ᠴᠤ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠪᠠᠶᠢᠭ᠎ᠠ ᠵᠠᠮ ᠤᠨ ᠠᠭᠤᠯᠵᠠᠷ ᠲᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ᠂ ᠮᠣᠲ᠋ᠣᠷ ᠲᠡᠷᠭᠡᠨ ᠤ ᠵᠢᠯᠣᠭᠤᠴᠢ ᠠᠮᠤᠷ ᠲᠦᠪᠰᠢᠨ ᠤ ᠮᠠᠯᠠᠭᠠᠢ ᠪᠠᠨ ᠵᠥᠪ ᠵᠡᠭᠦᠭᠰᠡᠨ ᠡᠰᠡᠬᠦ᠂ ᠵᠠᠮ ᠬᠠᠷᠢᠯᠴᠠᠭᠠᠨ ᠤ ᠳᠦᠷᠢᠮ ᠲᠣᠭᠲᠠᠭᠠᠯ ᠶᠣᠰᠣᠭᠠᠷ ᠶᠠᠪᠤᠵᠤ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠩᠭᠤᠵᠢᠭᠤᠯᠤᠨ ᠪᠠᠶᠢᠴᠠᠭᠠᠨ ᠵᠢᠯᠤᠭᠤᠳᠴᠤ᠂ ᠵᠠᠮ ᠳᠡᠭᠡᠷᠡᠬᠢ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ ᠵᠠᠮ ᠬᠠᠷᠢᠯᠴᠠᠭᠠᠨ ᠤ ᠡᠮᠬᠢ ᠳᠢᠭᠯᠢᠮ ᠢ ᠵᠢᠷᠤᠮᠵᠢᠭᠤᠯᠵᠤ᠂ ᠮᠣᠲ᠋ᠣᠷ ᠲᠡᠷᠭᠡ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠶᠢ ᠰᠣᠭᠲᠣᠭᠤ ᠪᠠᠷ ᠵᠢᠯᠣᠭᠤᠳᠤᠭᠰᠠᠨ᠂ ᠦᠨᠡᠮᠯᠡᠯ ᠦᠭᠡᠢ ᠪᠠᠷ ᠵᠢᠯᠣᠭᠤᠳᠣᠭᠰᠠᠨ ᠵᠡᠷᠭᠡ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠦᠲᠦᠮᠵᠢᠲᠡᠶ ᠴᠡᠭᠴᠡᠯᠡᠪᠡ᠃
3.7安全2.jpg
      ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤ ᠭᠠᠯ ᠤᠨᠲᠠᠷᠠᠭᠠᠬᠤ ᠵᠠᠮ ᠢ ᠡᠵᠡᠯᠡᠨ ᠵᠣᠭᠰᠣᠭᠠᠭᠰᠠᠨ᠂ ᠲᠣᠭᠲᠠᠭᠠᠯ ᠢ ᠵᠥᠷᠢᠴᠡᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠳᠤ ᠴᠠᠬᠢᠯᠭᠠᠨ ᠴᠡᠨᠡᠭᠯᠡᠭᠰᠡᠨ ᠵᠡᠷᠭᠡ ᠠᠮᠤᠷ ᠲᠦᠪᠰᠢᠨ ᠤ ᠠᠰᠠᠭᠤᠳᠠᠯ ᠢ ᠪᠠᠶᠢᠩᠭᠤᠵᠢᠭᠤᠯᠤᠨ ᠨᠠᠷᠢᠨ ᠬᠢᠨᠠᠮᠠᠭᠠᠢ ᠪᠠᠶᠢᠴᠠᠭᠠᠵᠤ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠪᠣᠯᠣᠨ᠎ᠠ᠃ ᠡᠭᠦᠨ ᠤ ᠬᠠᠮᠲᠤ᠂ ᠰᠢᠲᠠᠮᠠᠬᠠᠢ ᠬᠡᠢ᠂ ᠭᠠᠯ ᠴᠠᠬᠢᠯᠭᠠᠨ ᠵᠡᠷᠭᠡ ᠠᠮᠤᠷ ᠲᠦᠪᠰᠢᠨ ᠤ ᠶᠡᠷᠦ ᠶᠢᠨ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠪᠥᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ ᠠᠮᠤᠷ ᠲᠦᠪᠰᠢᠨ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ