ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ ᠦᠳᠡ ᠶᠢᠨ ᠬᠤᠶᠢᠨ᠎ᠠ ᠠᠷᠪᠠᠨ ᠳᠥᠷᠪᠡᠳᠦᠭᠡᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ | ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ ᠬᠤᠷᠠᠯ ᠳᠤ ᠣᠷᠣᠯᠴᠠᠬᠤ ᠳᠠᠭᠠᠨ᠂ ᠰᠢᠨ᠎ᠡ ᠪᠠᠷ ᠮᠠᠨᠳᠤᠭᠰᠠᠨ ᠬᠦᠷᠢᠶ᠎ᠡ | ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠣᠯᠣᠨ ᠴᠢᠳᠠᠪᠤᠷᠢ ᠶᠢᠨ ᠴᠢᠬᠤᠯᠠ ᠪᠦᠷᠢᠯᠳᠦᠬᠦᠨ | ᠬᠡᠰᠡᠭ ᠮᠥᠨ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠵᠤ᠂ ᠤᠯᠤᠰ ᠤᠨ ᠠᠮᠤᠷ ᠲᠦᠪᠰᠢᠨ ᠪᠣᠯᠣᠨ | ᠴᠡᠷᠢᠭ ᠤᠨ ᠶᠠᠪᠤᠳᠠᠯ ᠤᠨ ᠲᠡᠮᠡᠴᠡᠯ ᠤᠨ ᠰᠠᠨᠠᠭᠠᠴᠢᠯᠠᠭᠠᠲᠤ ᠡᠷᠬᠡ ᠳᠤ ᠬᠤᠯᠪᠣᠭᠳᠠᠵᠤ ᠪᠠᠶᠢᠳᠠᠭ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ | ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠳᠡᠭᠡᠷ᠎ᠡ᠂ ᠳᠠᠯᠠᠢ ᠶᠢᠨ ᠴᠡᠷᠢᠭ ᠤᠨ ᠠᠢ ᠶᠢᠩ ᠴᠦᠨ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ ᠴᠡᠷᠢᠭ ᠠᠩᠭᠢ ᠶᠢᠨ ᠡᠦ ᠱᠧᠩ | ᠶᠠᠨ ᠲᠥᠯᠥᠭᠡᠯᠡᠭᠴᠢ᠂ ᠡᠮᠦᠨᠡᠳᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠴᠢᠶᠣᠣ ᠱᠠ ᠱᠠ ᠲᠥᠯᠥᠭᠡᠯᠡᠭᠴᠢ᠂ ᠪᠠᠶᠢᠯᠳᠤᠬᠤ ᠪᠣᠳᠣᠯᠭ᠎ᠠ ᠶᠢᠨ ᠲᠤᠰᠠᠯᠠᠬᠤ | ᠴᠡᠷᠢᠭ ᠠᠩᠭᠢ ᠶᠢᠨ ᠾᠧ ᠢᠦᠢ ᠹᠠᠨ ᠲᠥᠯᠥᠭᠡᠯᠡᠭᠴᠢ᠂ ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠣᠣ ᠳ᠋ᠠᠩ ᠨᠠᠢ ᠲᠥᠯᠥᠭᠡᠯᠡᠭᠴᠢ᠂ | ᠬᠠᠭᠤᠷᠠᠢ ᠵᠠᠮ ᠤᠨ ᠴᠡᠷᠢᠭ ᠤᠨ ᠵᠧᠩ ᠶᠢᠨ ᠲᠥᠯᠥᠭᠡᠯᠡᠭᠴᠢ ᠤᠷᠢᠳ ᠬᠤᠵᠢᠳ ᠦᠭᠡ ᠬᠡᠯᠡᠵᠦ᠂ ᠳᠠᠯᠠᠢ ᠲᠠᠩᠭᠢᠰ ᠤᠨ ᠪᠠᠶᠢᠳᠠᠯ ᠢ ᠰᠡᠷᠡᠨ ᠮᠡᠳᠡᠷᠡᠬᠦᠢ | ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ᠂ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠵᠣᠬᠢᠶᠠᠮᠠᠯ ᠣᠶᠣᠨ | ᠴᠢᠳᠠᠪᠤᠷᠢ ᠶᠢᠨ ᠬᠡᠷᠡᠭᠯᠡᠯᠲᠡ ᠶᠢ ᠠᠬᠢᠭᠤᠯᠬᠤ᠂ ᠰᠠᠨᠰᠠᠷ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ ᠬᠡᠷᠡᠭᠯᠡᠬᠦ ᠶᠢ ᠴᠢᠩᠭᠠᠳᠬᠠᠬᠤ᠂ | ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠷᠢᠮᠵᠢᠶᠠᠲᠤ ᠨᠡᠶᠢᠳᠡᠮ ᠬᠡᠷᠡᠭᠯᠡᠬᠦ ᠪᠠᠶᠢᠭᠤᠯᠤᠯᠲᠠ ᠶᠢ ᠴᠢᠩᠭᠠᠳᠬᠠᠬᠤ᠂ ᠬᠥᠮᠥᠨ ᠦᠭᠡᠢ ᠪᠠᠶᠢᠯᠳᠤᠬᠤ ᠬᠦᠴᠦᠨ ᠤ | ᠪᠠᠶᠢᠭᠤᠯᠤᠯᠲᠠ ᠪᠠ ᠬᠡᠷᠡᠭᠯᠡᠯᠲᠡ ᠶᠢᠨ ᠰᠢᠨ᠎ᠡ ᠶᠢ ᠡᠭᠦᠳᠬᠦ ᠵᠡᠷᠭᠡ ᠲᠠᠯ᠎ᠠ ᠶᠢᠨ ᠠᠰᠠᠭᠤᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | | | | 3 ᠰᠠᠷ᠎ᠠ ᠶᠢᠨ 7 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠥᠯᠥᠭᠡᠯᠡᠭᠴᠢᠳ ᠤᠨ ᠪᠦᠯᠬᠦᠮ ᠤᠨ ᠪᠦᠭᠦᠳᠡ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃ | ᠰᠢ ᠶᠢᠨ ᠫᠢᠩ ᠲᠥᠯᠥᠭᠡᠯᠡᠭᠴᠢ ᠨᠢᠭᠡ ᠪᠦᠷᠢ ᠶᠢᠨ ᠬᠡᠯᠡᠬᠦ ᠶᠢ ᠨᠠᠷᠢᠨ ᠬᠢᠨᠠᠮᠠᠭᠠᠢ ᠰᠣᠨᠣᠰᠬᠤ ᠶᠢᠨ ᠳᠠᠭᠠᠤ ᠲᠡᠳᠡᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ᠃ | 6 ᠲᠥᠯᠥᠭᠡᠯᠡᠭᠴᠢ ᠦᠭᠡ ᠬᠡᠯᠡᠭᠰᠡᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠭᠤᠣᠯᠳᠠᠭᠤ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠱᠠᠭᠠᠷᠳᠠᠯᠭ᠎ᠠ ᠳᠤᠷᠠᠳᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠪᠢᠳᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠰᠢᠨ᠎ᠡ ᠬᠡᠯᠪᠡᠷᠢ ᠶᠢᠨ ᠪᠠᠶᠢᠯᠳᠤᠬᠤ | ᠬᠦᠴᠦᠨ ᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠯᠢ ᠣᠯᠠᠨ ᠴᠢᠬᠤᠯᠠ ᠶᠡᠭᠡ ᠦᠷ᠎ᠡ ᠪᠦᠲᠦᠭᠡᠯ ᠣᠯᠪᠠ᠃ ᠨᠠᠮ ᠤᠨ ᠬᠤᠷᠢᠳᠤᠭᠠᠷ | ᠶᠡᠭᠡ ᠬᠤᠷᠠᠯ ᠤᠨ ᠳᠠᠷᠠᠭ᠎ᠠ᠂ ᠨᠠᠮ ᠤᠨ ᠲᠥᠪ ᠬᠤᠷᠢᠶ᠎ᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠥᠬᠦ ᠲᠠᠯ᠎ᠠ ᠠᠴᠠ ᠡᠭᠦᠰᠴᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠲᠣᠳᠣᠷᠬᠠᠢ ᠳᠤᠷᠠᠳᠴᠠᠢ᠃ ᠡᠨᠡ ᠨᠢ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠪᠠᠶᠢᠯᠳᠤᠬᠤ ᠪᠣᠳᠣᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠳᠤ ᠣᠯᠳᠠᠬᠤᠶ᠎ᠠ ᠪᠡᠷᠬᠡ ᠠᠵᠠ ᠲᠣᠬᠢᠶᠠᠯ ᠬᠠᠩᠭᠠᠪᠠ᠃ ᠢᠯᠠᠯᠲᠠ ᠶᠢᠨ ᠡᠷᠴᠢᠨ ᠳᠡᠭᠡᠷ᠎ᠡ ᠪᠠᠨ | ᠤᠷᠤᠭᠰᠢᠯᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠥᠨᠳᠥᠷ ᠪᠦᠲᠦᠮᠵᠢᠲᠡᠢ ᠠᠭᠤᠰᠤᠯᠴᠠᠭᠤᠯᠬᠤ᠂ ᠬᠤᠣᠰ ᠴᠢᠭᠯᠡᠯ ᠢᠶᠠᠷ | ᠬᠦᠴᠦᠯᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠭᠵᠢᠯᠲᠡ ᠶᠢᠨ ᠭᠤᠣᠯᠳᠠᠯᠭ᠎ᠠ ᠶᠢ ᠳᠣᠪᠣᠶᠢᠯᠭᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠯᠳᠤᠬᠤ ᠪᠣᠳᠣᠯᠭ᠎ᠠ ᠪᠣᠯᠣᠨ ᠲᠥᠯᠥᠪᠵᠢᠭᠦᠯᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ᠃ ᠳᠠᠯᠠᠢ ᠳᠡᠭᠡᠷᠡᠬᠢ ᠴᠡᠷᠢᠭ ᠤᠨ ᠶᠠᠪᠤᠳᠠᠯ ᠤᠨ ᠲᠡᠮᠡᠴᠡᠯ ᠤᠨ ᠪᠡᠯᠡᠳᠬᠡᠯ᠂ ᠳᠠᠯᠠᠢ ᠲᠠᠩᠭᠢᠰ ᠤᠨ ᠡᠷᠬᠡ ᠠᠰᠢᠭ ᠢ ᠬᠠᠮᠠᠭᠠᠯᠠᠬᠤ ᠪᠠ ᠳᠠᠯᠠᠢ | ᠳᠠᠩᠭᠢᠰ ᠤᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠠᠨᠰᠠᠷ ᠤᠨ ᠠᠶᠠᠯᠠᠯ ᠤᠨ ᠪᠠᠶᠢᠷᠢᠰᠢᠯ ᠢ ᠰᠢᠯᠢᠳᠡᠭᠵᠢᠭᠦᠯᠵᠦ᠂ ᠮᠠᠨ ᠤ ᠤᠯᠤᠰ ᠤᠨ ᠰᠠᠨᠰᠠᠷ ᠤᠨ | ᠠᠶᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠰᠦᠯᠵᠢᠶᠡᠨ ᠤ ᠣᠷᠣᠨ ᠵᠠᠢ ᠶᠢᠨ ᠰᠡᠷᠭᠡᠶᠢᠯᠡᠯᠲᠡ ᠶᠢᠨ ᠰᠢᠰᠲ᠋ᠧᠮ ᠢ ᠪᠠᠶᠢᠭᠤᠯᠵᠤ᠂ | ᠤᠯᠤᠰ ᠤᠨ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠣᠶᠤᠨᠴᠢ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠬᠦ ᠶᠢ ᠴᠢᠩᠭᠠᠳᠬᠠᠵᠤ᠂ ᠲᠡᠷᠢᠭᠦᠨ ᠤ ᠦᠷ᠎ᠡ ᠪᠦᠲᠦᠭᠡᠯ ᠢ ᠬᠡᠷᠡᠭᠯᠡᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢ ᠦᠨᠳᠦᠰᠦᠨ ᠠᠴᠠ ᠨᠢ ᠠᠪᠴᠤ ᠬᠡᠯᠡᠪᠡᠯ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠠᠴᠠ ᠢᠷᠡᠯᠲᠡ ᠲᠠᠢ ᠶᠤᠮ᠃ ᠰᠢᠨ᠎ᠡ ᠶᠢ ᠡᠭᠦᠳᠬᠦ ᠢᠲᠡᠭᠡᠯ ᠢᠶᠠᠨ ᠴᠢᠩᠭᠠᠳᠬᠠᠵᠤ᠂ ᠥᠪᠡᠷ ᠤᠨ | ᠪᠡᠶ᠎ᠡ ᠪᠠᠷ ᠢᠶᠠᠨ ᠭᠤᠣᠯ ᠪᠣᠯᠭᠠᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ᠂ ᠠᠩᠬᠠᠨ ᠤ ᠰᠢᠨ᠎ᠡ ᠡᠭᠦᠳᠦᠯᠲᠡ ᠶᠢ | ᠶᠡᠭᠡ ᠪᠠᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠣᠨ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠨᠡᠮᠡᠭᠳᠡᠯ ᠤᠨ ᠲᠤᠶᠢᠯ ᠢ | ᠡᠭᠦᠳᠬᠦ ᠬᠡᠷᠡᠭᠲᠡᠢ᠃ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠰᠣᠯᠪᠢᠴᠠᠨ ᠠᠭᠤᠰᠤᠯᠴᠠᠨ ᠬᠥᠭᠵᠢᠬᠦ ᠣᠨᠴᠠᠯᠢᠭ ᠢ ᠡᠵᠡᠮᠳᠡᠵᠦ᠂ ᠬᠤᠷᠠᠮᠠᠯ ᠰᠢᠨ᠎ᠡ | ᠡᠭᠦᠳᠦᠯᠲᠡ ᠪᠠ ᠶᠡᠷᠦᠩᠬᠡᠶᠢᠯᠡᠭᠰᠡᠨ ᠬᠡᠷᠡᠭᠯᠡᠭᠡ ᠶᠢ ᠴᠢᠩᠭᠠᠳᠬᠠᠵᠤ᠂ ᠣᠯᠠᠨ ᠲᠠᠯ᠎ᠠ ᠪᠠᠷ ᠰᠢᠪᠲᠤᠯᠤᠯᠲᠠ ᠭᠠᠷᠭᠠᠬᠤ᠂ ᠬᠠᠮᠲᠤ ᠪᠠᠷ ᠬᠥᠭᠵᠢᠨ ᠪᠠᠳᠠᠷᠠᠭᠰᠠᠨ | ᠠᠮᠢᠳᠤᠯᠢᠭ ᠪᠠᠶᠢᠳᠠᠯ ᠢ ᠪᠣᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠴᠢᠨᠠᠭᠰᠢᠳᠠ ᠥᠭᠡᠷᠡᠴᠢᠯᠡᠯᠲᠡ ᠶᠢ ᠪᠥᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠭᠤᠣᠯᠳᠠᠯᠭ᠎ᠠ ᠪᠣᠯᠭᠠᠨ ᠲᠣᠪᠣᠶᠢᠯᠭᠠᠵᠤ᠂ ᠪᠡᠶ᠎ᠡ ᠪᠠᠨ ᠳᠠᠭᠠᠭᠠᠵᠤ ᠬᠦᠴᠦᠷᠬᠡᠭᠵᠢᠬᠦ᠂ ᠨᠡᠭᠡᠭᠡᠯᠲᠡ ᠬᠢᠵᠦ ᠠᠭᠤᠰᠤᠯᠴᠠᠬᠤ᠂ ᠠᠮᠢᠵᠢᠷᠠᠯ ᠤᠨ | ᠬᠦᠴᠦᠨ ᠢᠶᠠᠷ ᠪᠢᠯᠬᠠᠭᠰᠠᠨ ᠰᠢᠨ᠎ᠡ ᠶᠢ ᠡᠭᠦᠳᠬᠦ ᠠᠮᠢ ᠠᠬᠤᠢ ᠶᠢ ᠪᠠᠶᠢᠭᠤᠯᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠪᠠᠶᠢᠯᠳᠤᠬᠤ ᠪᠣᠳᠣᠯᠭ᠎ᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ ᠬᠡᠷᠡᠭᠴᠡᠭᠡ ᠶᠢ ᠵᠣᠯᠭᠠᠭᠤᠯᠬᠤ᠂ ᠲᠥᠯᠥᠪᠵᠢᠭᠦᠯᠭᠡ ᠶᠢ ᠵᠣᠯᠭᠠᠭᠤᠯᠬᠤ᠂ ᠡᠬᠢ | ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠶᠢᠨ ᠳᠦᠷᠢᠮ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠮᠵᠢᠶ᠎ᠠ ᠶᠢ ᠨᠡᠶᠢᠳᠡᠮ ᠬᠡᠷᠡᠭᠯᠡᠬᠦ ᠵᠠᠮ ᠢᠶᠠᠷ | ᠰᠠᠶᠢᠲᠤᠷ ᠵᠠᠮᠨᠠᠵᠤ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ ᠬᠥᠭᠵᠢᠯᠲᠡ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ | ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠤ ᠬᠠᠩᠭᠠᠯᠭ᠎ᠠ ᠶᠢ ᠲᠦᠷᠭᠡᠳᠬᠡᠬᠦ ᠪᠠᠷ ᠬᠦᠲᠦᠯᠦᠮᠵᠢ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠷᠢᠭᠦᠨ ᠤ ᠮᠡᠷᠭᠡᠵᠢᠯ ᠤᠨ | ᠬᠤᠷᠴᠠ ᠱᠠᠯᠠᠮᠠᠭᠠᠢ ᠪᠠᠷ ᠴᠤᠤᠷᠢᠶᠠᠲᠤᠬᠤ᠂ ᠲᠦᠷᠭᠡᠨ ᠣᠨᠳᠣᠣᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠪᠠᠷ ᠮᠠᠨᠳᠤᠭᠰᠠᠨ ᠬᠦᠷᠢᠶ᠎ᠡ ᠴᠠᠷᠠᠭ᠎ᠠ ᠳᠠᠬᠢ | ᠬᠥᠭᠵᠢᠯᠲᠡ ᠲᠠᠢ ᠵᠣᠬᠢᠴᠠᠭᠰᠠᠨ ᠰᠢᠨ᠎ᠡ ᠶᠢ ᠡᠭᠦᠳᠬᠦ ᠬᠡᠯᠬᠢᠶ᠎ᠡ᠂ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠠᠶᠢᠭᠤᠯᠬᠤ ᠬᠡᠷᠡᠭᠲᠡᠢ᠃ ᠦᠵᠡᠯ | ᠰᠠᠨᠠᠭ᠎ᠠ ᠣᠶᠢᠯᠠᠭᠠᠭᠳᠠᠬᠤᠨ ᠢᠶᠠᠨ ᠰᠢᠨᠡᠳᠬᠡᠵᠦ᠂ ᠰᠢᠨ᠎ᠡ ᠬᠡᠯᠪᠡᠷᠢ ᠶᠢᠨ ᠪᠠᠶᠢᠯᠳᠤᠬᠤ ᠬᠦᠴᠦᠨ ᠤ ᠪᠠᠶᠢᠭᠤᠯᠤᠯᠲᠠ ᠪᠠ ᠬᠡᠷᠡᠭᠯᠡᠭᠡᠨ ᠤ ᠵᠠᠭᠪᠤᠷ ᠢ ᠵᠣᠷᠢᠭᠲᠠᠢ ᠪᠠᠷ | ᠰᠢᠨ᠎ᠡ ᠶᠢ ᠡᠭᠦᠳᠦᠨ ᠰᠦᠪᠡᠭᠴᠢᠯᠡᠵᠦ᠂ ᠰᠢᠨ᠎ᠡ ᠴᠢᠨᠠᠷ ᠪᠦᠬᠦᠢ ᠳᠠᠶᠢᠴᠢᠨ ᠬᠦᠴᠦᠨ ᠢ ᠭᠦᠢᠴᠡᠳ ᠴᠢᠯᠦᠭᠡᠯᠡᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ | ᠵᠠᠩ ᠶᠢᠦ ᠰᠢᠶᠠ ᠬᠤᠷᠠᠯ ᠢ ᠡᠷᠬᠢᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠳᠡᠳ᠋ ᠲᠡᠷᠢᠭᠦᠯᠡᠭᠴᠢ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ | ᠬᠤᠷᠠᠯ ᠳᠤ ᠣᠷᠣᠯᠴᠠᠪᠠ᠃ | | |