ᠬᠤᠰᠢᠭᠤᠨ ᠤ ᠤᠳᠤᠷᠢᠳᠤᠯᠭ᠎ᠠ ᠵᠸᠦ ᠬᠠᠢ ᠯᠢᠩ ᠠᠷᠤᠬᠠᠰᠢᠶᠠᠲᠤ ᠪᠠᠯᠭᠠᠰᠤ᠂ ᠬᠡᠷᠦᠯᠦᠨ ᠰᠤᠮᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/11
      4 ᠰᠠᠷ᠎ᠠ ᠶᠢᠨ 10᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠦ ᠬᠠᠢ ᠯᠢᠩ ᠠᠷᠤᠬᠠᠰᠢᠶᠠᠲᠦ ᠪᠠᠯᠭᠠᠰᠤ᠂ ᠬᠡᠷᠦᠯᠦᠨ ᠰᠣᠮᠣᠨ ᠳᠤ ᠭᠦᠨᠵᠡᠭᠡᠶᠢᠷᠡᠵᠦ᠂ ᠲᠥᠯ ᠲᠤᠰᠴᠤ ᠪᠣᠶᠢᠵᠢᠭᠤᠯᠬᠤ᠂ ᠬᠠᠪᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃
4.11周1.jpg
      ᠵᠧᠦ ᠬᠠᠢ ᠯᠢᠩ ᠠᠷᠤᠬᠠᠰᠢᠶᠠᠲᠦ ᠪᠠᠯᠭᠠᠰᠤ ᠪᠠ ᠬᠡᠷᠦᠯᠦᠨ ᠰᠤᠮᠤ ᠶᠢᠨ ᠮᠠᠯᠵᠢᠬᠤ ᠡᠷᠦᠭᠡ ᠤᠳ ᠢᠶᠠᠷ ᠬᠦᠷᠴᠦ᠂ ᠲᠦᠯ ᠲᠣᠰᠴᠤ ᠪᠣᠶᠢᠵᠢᠭᠤᠯᠬᠤ᠂ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ᠂ ᠤᠢ ᠰᠢᠭᠤᠢ ᠨᠤᠲᠤᠭ ᠪᠡᠯᠴᠢᠭᠡᠷ ᠢ ᠬᠠᠮᠢᠶᠠᠷᠬᠤ ᠳᠠᠷᠤᠭ᠎ᠠ ᠶᠢᠨ ᠳᠦᠷᠢᠮ᠂ ᠬᠠᠪᠤᠷ ᠤᠨ ᠤᠯᠠᠷᠢᠯ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠰᠢᠨ᠎ᠡ ᠪᠠᠷᠭᠤ ᠥᠪᠡᠷᠲᠡᠭᠡᠨ ᠵᠠᠰᠠᠬᠤ ᠣᠷᠣᠨ ᠤ ᠲᠡᠰ ᠤᠨ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃       ᠵᠧᠦ ᠬᠠᠢ ᠯᠢᠩ᠂ ᠣᠳᠣᠬᠠᠨ ᠳᠤ ᠶᠠᠭ ᠲᠥᠯ ᠲᠤᠰᠬᠤ ᠠᠵᠢᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠣᠢ᠂ ᠡᠯ᠎ᠡ ᠰᠤᠮᠤ ᠪᠠᠯᠭᠠᠰᠤ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯ ᠠᠵᠤ ᠠᠬᠤᠢ ᠶᠢᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠠᠵᠢᠯ ᠤᠨ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠨ᠂ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠣᠶ ᠪᠣᠯᠭᠠᠵᠤ᠂ ᠮᠠᠯᠴᠢᠳ ᠢ ᠬᠠᠪᠰᠤᠷᠤᠨ ︽ᠠᠵᠤ ᠠᠬᠤᠢ ᠶᠢᠨ ᠲᠠᠩᠰᠠ︾ ︽ᠠᠮᠢ ᠠᠬᠤᠢ ᠶᠢᠨ ᠲᠠᠩᠰᠠ︾᠎ ᠶᠢ ᠨᠠᠷᠢᠯᠢᠭ ᠣᠨᠣᠪᠴᠢᠲᠠᠶ ᠪᠤᠳᠤᠵᠤ᠂ ᠮᠠᠯᠴᠢᠳ ᠢ ᠬᠥᠲᠥᠯᠥᠨ ᠵᠢᠯᠤᠭᠤᠳᠴᠤ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠤᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠵᠧᠦ ᠬᠠᠢ ᠯᠢᠩ ᠪᠠᠰᠠ ᠵᠠᠮ ᠳᠠᠭᠠᠤ ᠰᠠᠭᠤᠷᠢᠰᠢᠵᠤ ᠪᠠᠶᠢᠭ᠎ᠠ ᠮᠠᠯᠴᠢᠳ ᠲᠤ ᠬᠠᠪᠤᠷ ᠤᠨ ᠤᠯᠠᠷᠢᠯ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠬᠠᠮᠢᠶ᠎ᠠ ᠪᠦᠬᠦᠢ ᠮᠡᠳᠡᠯᠭᠡ ᠶᠢ ᠤᠬᠠᠭᠤᠯᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ