4 ᠰᠠᠷ᠎ᠠ ᠶᠢᠨ 9 ᠤ ᠡᠳᠦᠷ᠂ ᠬᠤᠰᠢᠭᠤᠨ ᠤ 2024 ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ | ᠬᠤᠪᠢᠶᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠰᠡᠭᠡᠭᠡᠲᠡᠨ ᠠᠭᠤᠳᠠᠮ ᠲᠠᠯᠠᠪᠠᠶ ᠳᠤ ᠶᠠᠪᠤᠭᠳᠠᠵᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠶ ᠠᠵᠢᠯᠯᠠᠭ᠎ᠠ ᠳᠤ ᠣᠷᠣᠯᠴᠠᠪᠠ᠃ | | | | ᠪᠠᠢ ᠴᠦᠨ ᠮᠧᠶ᠂ ᠡᠯ᠎ᠡ ᠰᠠᠯᠠᠭ᠎ᠠ ᠮᠥᠴᠢᠷ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠨᠠᠭᠠᠴᠢᠯᠠᠭ᠎ᠠ | ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠠᠵᠢᠯ ᠤᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ | ᠰᠦᠯᠢᠶᠥᠦ ᠶᠢᠨ ᠪᠣᠬᠢᠷᠲᠤᠯ ᠢ ᠵᠠᠰᠠᠬᠤ ᠠᠵᠢᠯ ᠢ ᠪᠤᠬᠢᠷᠲᠤᠯ ᠦᠭᠡᠢ ᠠᠮᠢᠳᠤᠷᠠᠯ ᠤᠨ ᠰᠢᠨ᠎ᠡ ᠤᠷᠤᠰᠬᠠᠯ ᠪᠣᠯᠭᠠᠵᠤ᠂ ᠨᠠᠩ ᠥᠨᠳᠥᠷ ᠲᠦᠪᠰᠢᠨ ᠪᠦᠬᠦᠢ ᠰᠢᠨ᠎ᠡ | ᠪᠠᠷᠭᠤ ᠪᠠᠷᠠᠭᠤᠨ ᠬᠤᠰᠢᠭᠤ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | ᠠᠵᠢᠯᠯᠠᠭ᠎ᠠ ᠨᠢ ᠤᠷᠢᠶ᠎ᠠ ᠯᠣᠽᠦ᠋ᠩ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠶᠠᠷᠢᠶ᠎ᠠ ᠲᠠᠯᠪᠢᠬᠤ᠂ | ᠬᠤᠭ ᠨᠣᠪᠰᠢ ᠶᠢ ᠲᠦᠷᠦᠯ ᠬᠤᠪᠢᠶᠠᠨ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ | ᠬᠡᠯᠪᠡᠷᠢ ᠪᠠᠷ ᠶᠠᠪᠤᠭᠳᠠᠪᠠ᠃ ᠲᠤᠬᠠᠢ ᠶᠢᠨ ᠲᠠᠯᠠᠪᠠᠢ ᠶᠢᠨ ᠡᠯ᠎ᠡ ᠪᠠᠶᠢᠭᠤᠯᠭ᠎ᠠ ᠨᠢᠭᠡᠴᠡ ᠶᠢᠨ ᠠᠵᠢᠯᠲᠠᠳ ᠪᠠ ᠨᠠᠰᠢ ᠴᠠᠰᠢ ᠥᠩᠭᠡᠷᠡᠬᠦ ᠤᠯᠠᠨ ᠲᠦᠮᠡᠨ ᠳᠤ | ᠰᠦᠯᠢᠶᠥᠦ ᠶᠢᠨ ᠪᠣᠬᠢᠷᠲᠤᠯ ᠵᠢᠴᠢ ᠬᠤᠭ ᠨᠣᠪᠰᠢ ᠶᠢ ᠲᠦᠷᠦᠯ ᠬᠤᠪᠢᠶᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠤᠯᠠᠨ ᠢᠶᠠᠷ ᠢᠶᠠᠨ | ᠤᠬᠠᠮᠰᠠᠷ ᠠᠴᠠ ᠪᠠᠨ ᠰᠦᠯᠢᠶᠥᠦ ᠶᠢᠨ ᠪᠣᠬᠢᠷᠲᠤᠯ ᠢ ᠲᠡᠪᠴᠢᠵᠦ᠂ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠬᠠᠮᠲᠤᠪᠠᠷ ᠭᠦᠢᠴᠡᠳᠬᠡᠵᠦ᠂ ᠴᠡᠯᠮᠡᠭ | ᠲᠡᠭᠷᠢ᠂ ᠨᠣᠭᠤᠭᠠᠨ ᠬᠦᠷᠦᠰᠦ᠂ ᠴᠡᠩᠬᠡᠭ ᠤᠰᠤ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠬᠤ ᠶᠢ ᠰᠠᠨᠠᠭᠠᠴᠢᠯᠠᠪᠠ᠃ | | |