ᠬᠤᠰᠢᠭᠤᠨ ᠤ ᠤᠳᠤᠷᠢᠳᠤᠯᠭ᠎ᠠ ᠪᠠᠢ ᠴᠦᠨ ᠮᠧᠶ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/4/11
      4 ᠰᠠᠷ᠎ᠠ ᠶᠢᠨ 10 ᠤ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠶ ᠵᠡᠷᠭᠡ ᠬᠦᠮᠦᠰ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠤᠭᠤᠳᠴᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠴᠢᠳᠠᠪᠤᠷᠢᠲᠠᠨ ᠤ ᠶᠠᠪᠤᠳᠠᠯ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠵᠢᠯ ᠤᠨ ᠲᠣᠭᠤᠷᠢᠨ ᠳᠤ ᠲᠤᠬᠠᠢ ᠶᠢᠨ ᠲᠠᠯᠠᠪᠤᠷ ᠤᠨ ᠠᠵᠢᠯᠯᠠᠬᠤ ᠬᠤᠷᠠᠯ ᠥᠷᠨᠢᠭᠦᠯᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠲᠠᠰᠤᠭ ᠤᠨ ᠬᠠᠷᠢᠭᠤᠴᠠᠯᠭᠠᠲᠠᠨ᠂ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ ᠣᠷᠣᠯᠴᠠᠪᠠ᠃
4.4白旗1.jpg
      ᠬᠤᠷᠠᠯ ᠳᠡᠭᠡᠷ᠎ᠡ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠶᠠᠰᠬᠤᠯᠠᠩ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠦᠨᠳᠦᠰᠦᠨ ᠪᠠᠶᠢᠳᠠᠯ᠂ ᠶᠡᠷᠦᠩᠬᠡᠶᠢᠯᠡᠭᠰᠡᠨ ᠠᠵᠢᠯ ᠤᠨ ᠪᠣᠳᠠᠲᠤ ᠦᠷ᠎ᠡ ᠪᠦᠲᠦᠮᠵᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ︔ ᠬᠤᠷᠠᠯ ᠳᠤ ᠣᠷᠣᠯᠴᠠᠭᠰᠠᠨ ᠪᠥᠬᠦ ᠬᠥᠮᠥᠰ ᠲᠣᠰ ᠪᠡᠶ᠎ᠡ ᠶᠢᠨ ᠠᠵᠢᠯ ᠤᠨ ᠬᠦᠷᠢᠶ᠎ᠡ ᠴᠠᠷᠠᠭ᠎ᠠ ᠳᠤ ᠣᠷᠣᠰᠢᠵᠤ ᠪᠠᠶᠢᠬᠤ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢᠨ ᠲᠠᠯ᠎ᠠ ᠪᠠᠷ ᠬᠤᠰᠢᠭᠤᠨ ᠤ ᠤᠳᠤᠷᠢᠳᠤᠯᠭ᠎ᠠ ᠨᠠᠷ ᠲᠤ ᠲᠣᠪᠴᠢ ᠬᠠᠷᠢᠭᠤ ᠮᠡᠳᠡᠭᠦᠯᠦᠯᠲᠡ ᠬᠢᠵᠦ᠂ ᠪᠠᠢ ᠴᠦᠨ ᠮᠧᠶ ᠨᠥᠬᠦᠷ ᠵᠦᠢᠯ ᠵᠣᠷᠪᠣᠰ ᠳᠠᠷᠠᠭᠠᠯᠠᠨ ᠨᠠᠷᠢᠨ ᠲᠣᠳᠣᠷᠬᠠᠢ ᠬᠠᠷᠢᠭᠤᠯᠲᠠ ᠥᠭᠴᠦ ᠵᠢᠭᠠᠨ ᠵᠢᠯᠣᠭᠤᠳᠪᠠ᠃
4.4白旗3.jpg
      ᠪᠠᠢ ᠴᠦᠨ ᠮᠧᠢ᠂ ᠨᠢᠭᠡ ᠳᠤ ᠰᠢᠨ᠎ᠡ ᠪᠠᠶᠢᠳᠠᠯ᠂ ᠰᠢᠨ᠎ᠡ ᠬᠥᠭᠵᠢᠯᠲᠡ ᠳᠤ ᠲᠤᠯᠭᠠᠷᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠤ ᠪᠦᠬᠦ ᠨᠥᠬᠦᠳ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ ᠠᠴᠠ ᠠᠪᠴᠢᠷᠠᠭᠰᠠᠨ ᠰᠢᠨ᠎ᠡ ᠠᠵᠠ ᠲᠣᠬᠢᠶᠠᠯ ᠪᠣᠯᠣᠨ ᠰᠢᠨ᠎ᠡ ᠥᠷᠢᠰᠦᠯᠳᠦᠭᠡᠨ ᠢ ᠨᠡᠩ ᠰᠠᠶᠢᠲᠤᠷ ᠠᠷᠭᠠᠴᠠᠬᠤ ᠬᠡᠷᠡᠭᠲᠡᠢ︔ ᠬᠤᠶᠠᠷ ᠲᠤ ᠠᠵᠢᠯ ᠤᠨ ᠠᠷᠭ᠎ᠠ ᠬᠡᠯᠪᠡᠷᠢ ᠶᠢ ᠵᠥᠪ ᠣᠨᠣᠪᠴᠢᠲᠠᠶ ᠡᠷᠢᠵᠦ᠂ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠣᠯᠠᠨ ᠤ ᠤᠬᠠᠭᠠᠨ ᠬᠠᠮᠲᠤ ᠶᠢᠨ ᠬᠦᠴᠦᠨ ᠢ ᠪᠠᠳᠠᠷᠠᠭᠤᠯᠤᠨ᠂ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠨᠠᠩ ᠰᠠᠶᠢᠨ ᠳᠡᠭᠡᠭᠰᠢᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ︔ ᠭᠤᠷᠪᠠ ᠳᠤ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠡᠩᠨᠡᠭᠡᠨ ᠤ ᠪᠠᠶᠢᠭᠤᠯᠤᠯᠲᠠ ᠶᠢ ᠴᠢᠨᠠᠭᠰᠢᠳᠠ ᠰᠠᠶᠢᠲᠤᠷ ᠬᠢᠵᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠺᠠᠳ᠋ᠷ ᠤᠨ ᠡᠩᠨᠡᠭᠡᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠦᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠨᠵᠡᠭᠡᠢ᠂ ᠨᠡᠪᠲᠡᠷᠬᠡᠢ ᠰᠤᠳᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ︽ᠠᠩᠬᠠᠨ ᠤ ᠪᠣᠭᠤᠮᠲᠠ︾ ᠶᠢ ᠰᠠᠶᠢᠲᠤᠷ ᠠᠳᠬᠤᠬᠤ ᠬᠡᠷᠡᠭᠲᠡᠢ ᠭᠡᠵᠦ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠢᠷᠡᠭᠡᠳᠦᠢ ᠶᠢᠨ ᠬᠥᠭᠵᠢᠯᠲᠡ ᠶᠢᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ