ᠮᠠᠨ ᠤ ᠬᠤᠰᠢᠭᠤ 2024 ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/11
      4 ᠰᠠᠷ᠎ᠠ ᠶᠢᠨ 9 ᠤ ᠡᠳᠦᠷ᠂ ᠬᠤᠰᠢᠭᠤᠨ ᠤ 2024 ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠰᠡᠭᠡᠭᠡᠲᠡᠨ ᠠᠭᠤᠳᠠᠮ ᠲᠠᠯᠠᠪᠠᠶ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠪᠠᠢ ᠴᠦᠨ ᠮᠧᠶ ᠠᠵᠢᠯᠯᠠᠭ᠎ᠠ ᠳᠤ ᠣᠷᠣᠯᠴᠠᠪᠠ᠃
4.11宣传1.jpg
      ᠪᠠᠢ ᠴᠦᠨ ᠮᠧᠶ᠂ ᠡᠯ᠎ᠡ ᠰᠠᠯᠠᠭ᠎ᠠ ᠮᠥᠴᠢᠷ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠰᠠᠨᠠᠭᠠᠴᠢᠯᠠᠭ᠎ᠠ  ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠠᠵᠢᠯ ᠢ ᠪᠤᠬᠢᠷᠲᠤᠯ ᠦᠭᠡᠢ ᠠᠮᠢᠳᠤᠷᠠᠯ ᠤᠨ ᠰᠢᠨ᠎ᠡ ᠤᠷᠤᠰᠬᠠᠯ ᠪᠣᠯᠭᠠᠵᠤ᠂ ᠨᠠᠩ ᠥᠨᠳᠥᠷ ᠲᠦᠪᠰᠢᠨ ᠪᠦᠬᠦᠢ ᠰᠢᠨ᠎ᠡ ᠪᠠᠷᠭᠤ ᠪᠠᠷᠠᠭᠤᠨ ᠬᠤᠰᠢᠭᠤ ᠶᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
4.11宣传2.jpg
      ᠠᠵᠢᠯᠯᠠᠭ᠎ᠠ ᠨᠢ ᠤᠷᠢᠶ᠎ᠠ ᠯᠣᠽᠦ᠋ᠩ ᠡᠯᠭᠦᠬᠦ᠂ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠲᠡᠷᠢᠭᠦᠨ ᠤ ᠨᠡᠶᠢᠲᠡᠯᠢᠭ ᠲᠥᠯᠥᠭᠡᠯᠡᠭᠴᠢ ᠶᠠᠷᠢᠶ᠎ᠠ ᠲᠠᠯᠪᠢᠬᠤ᠂ ᠬᠤᠭ ᠨᠣᠪᠰᠢ ᠶᠢ ᠲᠦᠷᠦᠯ ᠬᠤᠪᠢᠶᠠᠨ ᠲᠤᠬᠠᠢ ᠶᠢᠨ ᠲᠠᠯᠠᠪᠠᠢ ᠳᠤ ᠳᠡᠯᠭᠡᠨ ᠦᠵᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠶᠠᠪᠤᠭᠳᠠᠪᠠ᠃ ᠲᠤᠬᠠᠢ ᠶᠢᠨ ᠲᠠᠯᠠᠪᠠᠢ ᠶᠢᠨ ᠡᠯ᠎ᠡ ᠪᠠᠶᠢᠭᠤᠯᠭ᠎ᠠ ᠨᠢᠭᠡᠴᠡ ᠶᠢᠨ ᠠᠵᠢᠯᠲᠠᠳ ᠪᠠ ᠨᠠᠰᠢ ᠴᠠᠰᠢ ᠥᠩᠭᠡᠷᠡᠬᠦ ᠤᠯᠠᠨ ᠲᠦᠮᠡᠨ ᠳᠤ ᠰᠦᠯᠢᠶᠥᠦ ᠶᠢᠨ ᠪᠣᠬᠢᠷᠲᠤᠯ ᠵᠢᠴᠢ ᠬᠤᠭ ᠨᠣᠪᠰᠢ ᠶᠢ ᠲᠦᠷᠦᠯ ᠬᠤᠪᠢᠶᠠᠬᠤ ᠵᠡᠷᠭᠡ ᠬᠠᠮᠢᠶ᠎ᠠ ᠪᠦᠬᠦᠢ ᠮᠡᠳᠡᠯᠭᠡ ᠶᠢ ᠤᠬᠠᠭᠤᠯᠵᠤ᠂ ᠤᠯᠠᠨ ᠢᠶᠠᠷ ᠢᠶᠠᠨ ᠤᠬᠠᠮᠰᠠᠷ ᠠᠴᠠ ᠪᠠᠨ ᠰᠦᠯᠢᠶᠥᠦ ᠶᠢᠨ ᠪᠣᠬᠢᠷᠲᠤᠯ ᠢ ᠲᠡᠪᠴᠢᠵᠦ᠂ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠬᠠᠮᠲᠤᠪᠠᠷ ᠭᠦᠢᠴᠡᠳᠬᠡᠵᠦ᠂ ᠴᠡᠯᠮᠡᠭ ᠲᠡᠭᠷᠢ᠂ ᠨᠣᠭᠤᠭᠠᠨ ᠬᠦᠷᠦᠰᠦ᠂ ᠴᠡᠩᠬᠡᠭ ᠤᠰᠤ ᠲᠠᠢ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠬᠤ ᠶᠢ ᠰᠠᠨᠠᠭᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ