ᠴᠠᠭ ᠠᠭᠤᠷ ᠤᠨ ᠤᠷᠢᠳᠴᠢᠯᠠᠭᠰᠠᠨ ᠮᠡᠳᠡᠭᠡ᠄ 4 ᠰᠠᠷ᠎ᠠ ᠶᠢᠨ 13 — 15 ᠤ ᠡᠳᠦᠷ ᠪᠣᠯᠲᠠᠯ᠎ᠠ ᠮᠠᠨ ᠤ ᠬᠤᠰᠢᠭᠤᠨ ᠳᠤ ᠶᠡᠭᠡ ᠰᠠᠯᠬᠢ ᠰᠠᠯᠬᠢᠯᠠᠵᠤ᠂ ᠠᠭᠠᠷ ᠤᠨ ᠳᠤᠯᠠᠭᠠᠨ ᠳᠣᠷᠣᠭᠰᠢᠯᠠᠨ᠂ ᠪᠠᠭ᠎ᠠ ᠪᠣᠷᠣᠭᠠᠨ ᠣᠷᠣᠨ᠎ᠠ
ᠨᠡᠶᠢᠲᠡᠯᠡᠭᠰᠡᠨ ᠴᠠᠭ᠄
2024/4/12
      ᠬᠦᠢᠲᠡᠨ ᠤᠷᠤᠰᠬᠠᠯ ᠤᠨ ᠨᠥᠯᠥᠭᠡᠯᠡᠯ ᠠᠴᠠ ᠪᠣᠯᠵᠤ᠂ 2024 ᠣᠨ ᠤ 4 ᠰᠠᠷ᠎ᠠ ᠶᠢᠨ 13 ᠤ ᠰᠦᠨᠢ ᠠᠴᠠ 4 ᠰᠠᠷ᠎ᠠ ᠶᠢᠨ 15 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠪᠣᠷᠣᠭᠠᠨ ᠣᠷᠣᠵᠤ᠂ ᠶᠡᠭᠡ ᠰᠠᠯᠬᠢ ᠰᠠᠯᠬᠢᠯᠠᠨ᠂ ᠳᠤᠯᠠᠭᠠᠨ ᠤ ᠬᠡᠮᠵᠢᠶ᠎ᠡ ᠳᠣᠷᠣᠭᠰᠢᠯᠠᠬᠤ ᠪᠣᠯᠣᠨ᠎ᠠ᠃ ᠵᠢᠱᠢᠯᠲᠡ ᠪᠠᠷ᠄ 13 ᠤ ᠰᠥᠨᠢ ᠠᠴᠠ 14 ᠤ ᠡᠳᠦᠷ ᠪᠣᠯᠲᠠᠯ᠎ᠠ ᠪᠦᠭᠦ ᠬᠤᠰᠢᠭᠤᠨ ᠳᠤ ᠪᠠᠭ᠎ᠠ ᠪᠣᠷᠣᠭᠠᠨ ᠣᠷᠣᠨ᠎ᠠ︔ 14 ᠤ ᠡᠳᠦᠷ ᠪᠠᠷᠠᠭᠤᠨ ᠡᠮᠦᠨ᠎ᠡ ᠠᠴᠠ 6 ~ 7 ᠳᠡᠰ ᠤᠨ ᠰᠠᠯᠬᠢ ᠰᠠᠯᠬᠢᠯᠠᠵᠤ᠂ ᠬᠡᠰᠡᠭ ᠲᠡᠭᠡᠨ 8 ᠳᠡᠰ ᠬᠦᠷᠬᠦ ᠪᠣᠯᠣᠨ᠎ᠠ︔ 15 ᠤ ᠡᠳᠦᠷ ᠡᠯ᠎ᠡ ᠭᠠᠵᠠᠷ ᠤᠨ ᠠᠭᠠᠷ ᠤᠨ ᠳᠤᠯᠠᠭᠠᠨ 6~8 ᠭᠷᠡᠳᠦ᠋ᠰ ᠳᠣᠷᠣᠭᠰᠢᠯᠠᠨ᠎ᠠ᠃       ᠨᠦᠯᠦᠭᠡ ᠬᠢᠭᠡᠳ ᠰᠠᠨᠠᠭᠤᠯᠤᠮᠵᠢ᠄      ᠲᠤᠰ ᠤᠳᠠᠭ᠎ᠠ ᠳᠤᠯᠠᠭᠠᠨ ᠤ ᠬᠡᠮᠵᠢᠶ᠎ᠡ ᠨᠡᠯᠢᠶᠡᠳ ᠶᠡᠭᠡ ᠳᠣᠷᠣᠭᠰᠢᠯᠠᠬᠤ ᠪᠣᠯᠬᠤᠷ᠂ ᠮᠠᠯ ᠠᠵᠤ ᠠᠬᠤᠢ ᠶᠢᠨ ᠰᠠᠯᠠᠭ᠎ᠠ ᠮᠥᠴᠢᠷ ᠮᠠᠯ ᠤᠨᠤᠭ᠎ᠠ ᠶᠢᠨ ᠲᠡᠵᠢᠭᠡᠯ ᠡᠪᠡᠰᠦ ᠶᠢ ᠭᠦᠢᠴᠡᠳ ᠨᠥᠬᠦᠪᠦᠷᠢᠯᠡᠵᠦ᠂ ᠲᠦᠯ ᠮᠠᠯ ᠤᠨ ᠬᠦᠢᠲᠡᠨ ᠠᠴᠠ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠢ︔ ᠡᠯ᠎ᠡ ᠭᠠᠵᠠᠷ ᠤᠨ ᠰᠠᠯᠬᠢᠨ ᠤ ᠬᠦᠴᠦ ᠶᠡᠭᠡ ᠪᠣᠯᠬᠤᠷ ᠲᠦᠷ ᠴᠠᠭ ᠤᠨ ᠪᠠᠷᠢᠯᠭ᠎ᠠ᠂ ᠮᠠᠯ ᠤᠨ ᠬᠠᠰᠢᠶ᠎ᠠ ᠰᠠᠷᠠᠪᠴᠢ᠂ ᠲᠦᠬᠦᠭᠡᠷᠦᠮᠵᠢᠲᠦ ᠲᠠᠷᠢᠶᠠᠯᠠᠩ ᠵᠡᠷᠭᠡ ᠶᠢ ᠪᠠᠬᠢᠯᠡᠬᠦ ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠨ᠎ᠠ᠃ ᠪᠥᠬᠦ ᠬᠤᠰᠢᠭᠤᠨ ᠤ ᠬᠡᠪᠴᠢᠶᠡᠨ ᠳᠤ ᠪᠠᠭ᠎ᠠ ᠪᠣᠷᠣᠭᠠᠨ ᠣᠷᠣᠬᠤ ᠪᠣᠯᠬᠤᠷ᠂ ᠬᠥᠷᠥᠰᠥ ᠰᠢᠷᠣᠢ ᠶᠢᠨ ᠴᠢᠭᠢᠭᠯᠢᠭ ᠬᠡᠮᠵᠢᠶ᠎ᠡ ᠶᠢ ᠨᠡᠮᠡᠭᠳᠡᠭᠦᠯᠵᠦ ᠂ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠲᠠᠰ ᠢ ᠪᠠᠭᠤᠷᠠᠭᠤᠯᠬᠤ ᠳᠤ ᠨᠡᠯᠢᠶᠡᠳ ᠠᠰᠢᠭᠲᠠᠢ ᠪᠣᠯᠣᠨ᠎ᠠ᠃                            ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠲᠣᠪᠴᠢᠶ᠎ᠠ                                    2024 ᠣᠨ ᠤ 3 ᠰᠠᠷ᠎ᠠ ᠶᠢᠨ 22 ᠤᠨ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ