ᠰᠢᠨ᠎ᠡ ᠪᠠᠷᠭᠤ ᠪᠠᠷᠠᠭᠤᠨ ᠬᠤᠰᠢᠭᠤ᠄ ᠲᠦᠯ ᠲᠤᠰᠴᠤ ᠪᠣᠶᠢᠵᠢᠭᠤᠯᠬᠤ ᠠᠵᠢᠯ ᠶᠠᠭᠠᠷᠠᠯᠲᠠᠢ ᠶᠠᠪᠤᠭᠳᠠᠵᠤ᠂ ᠲᠦᠮᠡᠨ ᠪᠣᠳᠠᠰ ᠰᠡᠷᠭᠦᠭᠡᠨ ᠠᠮᠢᠯᠠᠵᠤ ᠬᠦᠰᠡᠯ ᠡᠷᠡᠮᠡᠯᠵᠡᠯ ᠢ ᠪᠣᠶ ᠪᠣᠯᠭᠠᠨ᠎ᠠ
ᠨᠡᠶᠢᠲᠡᠯᠡᠭᠰᠡᠨ ᠴᠠᠭ᠄
2024/4/12
      ᠰᠢᠨ᠎ᠡ ᠪᠠᠷᠭᠤ ᠪᠠᠷᠠᠭᠤᠨ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠤᠷᠢᠬᠠᠨ ᠬᠠᠪᠤᠷ ᠤᠨ ᠤᠷᠢᠨ ᠳᠤᠯᠠᠭᠠᠨ ᠳᠤ ᠲᠦᠮᠡᠨ ᠪᠣᠳᠠᠰ ᠠᠮᠢᠯᠠᠨ ᠰᠡᠷᠭᠦᠵᠦ᠂ ᠲᠦᠯ ᠲᠣᠰᠴᠤ ᠪᠣᠶᠢᠵᠢᠭᠤᠯᠬᠤ ᠵᠠᠩᠭᠢᠯᠠᠭ᠎ᠠ ᠶᠢᠨ ᠦᠶ᠎ᠡ ᠪᠣᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠥᠷᠭᠡᠨ ᠠᠭᠤᠳᠠᠮ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠨ᠎ᠠ᠃ ᠡᠨᠡᠬᠦ ᠶᠠᠭᠠᠷᠠᠯᠲᠠᠢ ᠤᠯᠠᠷᠢᠯ ᠳᠤ ︽ᠰᠢᠨ᠎ᠡ ᠠᠮᠢ ᠨᠠᠰᠤ︾ ᠪᠤᠶ ᠪᠣᠯᠵᠤ ᠪᠠᠶᠢᠭ᠎ᠠ ᠨᠢ ᠡᠨᠡᠬᠦ ᠲᠠᠯ᠎ᠠ ᠨᠤᠲᠤᠭ ᠲᠤ ᠠᠮᠢᠵᠢᠷᠠᠯ ᠤᠨ ᠬᠦᠴᠦᠨ ᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ᠂ ᠨᠡᠩ ᠴᠤ ᠮᠠᠯᠴᠢᠳ ᠤᠨ ᠬᠦᠰᠡᠯ ᠡᠷᠡᠮᠡᠯᠵᠡᠯ ᠢ ᠡᠪᠦᠷᠯᠡᠭᠰᠡᠨ ᠪᠠᠶᠢᠨ᠎ᠠ᠃       ᠮᠠᠯᠴᠢᠳ ᠲᠤ ᠠᠪᠴᠤ ᠬᠡᠯᠡᠪᠡᠯ᠂ ᠲᠦᠯ ᠲᠤᠰᠴᠤ ᠪᠣᠶᠢᠵᠢᠭᠤᠯᠬᠤ ᠨᠢ ᠰᠢᠨ᠎ᠡ ᠨᠢᠭᠡ ᠵᠢᠯ ᠤᠨ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠪᠤᠶᠢᠷ ᠰᠤᠮᠤ ᠶᠢᠨ ᠪᠤᠶᠢᠷ ᠭᠠᠴᠠᠭᠠᠨ ᠤ ᠮᠠᠯᠴᠢᠨ ᠴᠢᠩ ᠴᠦᠨ ᠤ ᠳᠤ ᠣᠷᠣᠬᠤ ᠳᠤ᠂ ᠬᠤᠷᠠᠭ᠎ᠠ ᠢᠰᠢᠭᠡ ᠡᠪᠡᠰᠦ ᠢᠳᠡᠵᠦ᠂ ᠬᠠᠰᠢᠶᠠᠨ ᠳᠠᠭᠠᠨ ᠳᠡᠪᠬᠡᠷᠦᠨ ᠬᠥᠭᠡᠷᠦᠯᠳᠦᠵᠦ᠂ ᠬᠠᠷᠢᠯᠴᠠᠨ ᠮᠦᠷᠭᠦᠯᠳᠡᠵᠦ ᠨᠠᠭᠠᠳᠤᠨ᠎ᠠ ᠁ ᠣᠶᠢᠷ᠎ᠠ ᠳᠤ ᠲᠣᠰᠣᠭᠰᠠᠨ ᠲᠦᠯ ᠨᠢ ᠴᠢᠩ ᠴᠦᠨ ᠤ ᠨᠠᠷᠢᠨ ᠨᠢᠮᠪᠠᠢ ᠬᠠᠷᠠᠭᠠᠯᠵᠠᠯ ᠳᠣᠣᠷ᠎ᠠ ᠡᠳᠦᠷ ᠢᠷᠡᠬᠦᠶ᠎ᠡ ᠦᠰᠦᠨ ᠲᠣᠷᠨᠢᠵᠤ ᠪᠠᠶᠢᠨ᠎ᠠ᠃       ᠴᠢᠩ ᠴᠦᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠲᠡᠳᠡᠨ ᠤ ᠬᠢᠨ ᠵᠢᠱᠢᠯᠲᠡ ᠪᠠᠷ 850 ᠭᠠᠷᠤᠢ ᠲᠦᠯ ᠲᠤᠰᠴᠤ᠂ ᠣᠳᠣᠬᠠᠨ ᠳᠤ ᠨᠢᠭᠡᠨᠲᠡ 650 ᠭᠠᠷᠤᠢ ᠲᠤᠰᠴᠤ᠂ ᠲᠠᠪᠤᠨ ᠰᠠᠷ᠎ᠠ ᠶᠢᠨ ᠳᠤᠮᠳᠠᠴᠢ ᠪᠣᠯᠲᠠᠯ᠎ᠠ ᠦᠷᠭᠦᠯᠵᠢᠯᠡᠬᠦ ᠪᠣᠯᠣᠨ᠎ᠠ᠃ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠪᠠ ᠡᠪᠡᠰᠦ ᠪᠣᠷᠳᠤᠭ᠎ᠠ ᠭᠦᠢᠴᠡᠳ ᠨᠦᠬᠡᠴᠡᠯᠡᠭᠰᠡᠨ ᠤ ᠰᠠᠶᠢᠨ ᠢᠶᠠᠷ᠂ ᠴᠢᠩ ᠴᠦᠨ ᠤ ᠬᠢ ᠡᠨᠡ ᠵᠢᠯ ᠤᠨ ᠲᠥᠯ ᠲᠤᠰᠬᠤ ᠠᠵᠢᠯ ᠢᠶᠠᠨ ᠮᠠᠰᠢ ᠤᠷᠤᠭᠰᠢᠲᠠᠢ ᠶᠠᠪᠤᠭᠳᠠᠭᠤᠯᠵᠤ᠂ ᠣᠳᠣᠬᠠᠨ ᠳᠤ ᠬᠤᠷᠠᠭᠠᠯᠠᠭᠰᠠᠨ ᠡᠮ᠎ᠡ ᠬᠤᠨᠢ ᠪᠠ ᠰᠢᠨ᠎ᠡ ᠲᠦᠯ ᠤᠨ ᠪᠠᠶᠢᠳᠠᠯ ᠴᠥᠮ ᠮᠠᠰᠢ ᠰᠠᠶᠢᠨ ᠪᠠᠶᠢᠨ᠎ᠠ᠃       ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠤᠮᠤ ᠶᠢᠨ ᠪᠤᠶᠢᠷ ᠭᠠᠴᠠᠭ᠎ᠠ ᠶᠢᠨ ᠮᠠᠯᠴᠢᠨ ᠴᠢᠩ ᠴᠦᠨ᠄ ︽ᠣᠳᠣᠬᠠᠨ ᠪᠣᠯᠲᠠᠯ᠎ᠠ ᠲᠦᠯ ᠳᠤᠰᠤᠭᠰᠠᠨ ᠨᠤᠷᠮ᠎ᠠ 97% ᠣᠷᠴᠢᠮ ᠪᠠᠶᠢᠵᠤ᠂ ᠮᠢᠨᠤ ᠰᠡᠳᠬᠢᠯ ᠮᠠᠰᠢ ᠬᠠᠨᠤᠮᠵᠢᠲᠠᠢ ᠪᠠᠶᠢᠨ᠎ᠠ᠂ ᠡᠨᠡ ᠵᠢᠯ ᠰᠠᠶᠢᠨ ᠬᠤᠷᠢᠶᠠᠯᠲᠠ ᠲᠠᠢ ᠪᠥᠭᠡᠳ ᠰᠠᠶᠢᠨ ᠡᠬᠢᠯᠡᠯᠲᠡ ᠲᠠᠢ ᠪᠠᠶᠢᠨ᠎ᠠ ︾ ᠭᠡᠵᠦ ᠬᠡᠯᠡᠪᠡ᠃       ᠲᠥᠯ ᠲᠣᠰᠬᠤ ᠨᠢ ᠮᠠᠯᠴᠢᠳ ᠤᠨ ᠨᠢᠭᠡ ᠵᠢᠯ ᠤᠨ ᠣᠷᠣᠯᠭ᠎ᠠ ᠶᠢ ᠲᠣᠭᠲᠠᠭᠠᠬᠤ ᠪᠠᠷ ᠪᠠᠷᠠᠬᠤ ᠦᠭᠡᠢ᠂ ᠮᠠᠯ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠲᠠᠢ ᠬᠤᠯᠪᠣᠭᠳᠠᠨ᠎ᠠ᠃ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠡᠷᠲᠡ ᠠᠴᠠ ᠲᠣᠬᠢᠷᠠᠭᠤᠯᠵᠤ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠬᠦᠳᠡᠯᠦᠯᠴᠡᠬᠦ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠲᠥᠯ ᠲᠤᠰᠬᠤ ᠮᠡᠷᠭᠡᠵᠢᠯ ᠤᠨ ᠵᠢᠯᠣᠭᠤᠳᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠮᠡᠷᠭᠡᠵᠢᠯ ᠤᠨ ᠠᠵᠢᠯᠲᠠᠨ ᠲᠣᠮᠢᠯᠠᠵᠤ ᠲᠡᠵᠢᠭᠡᠨ ᠦᠷᠡᠵᠢᠭᠦᠯᠬᠦ ᠡᠷᠦᠬᠡ ᠳᠤ ᠭᠦᠨᠵᠡᠭᠡᠶᠢᠷᠡᠭᠦᠯᠦᠨ ᠡᠬᠡ ᠮᠠᠯ ᠲᠥᠯ ᠮᠠᠯ ᠢ ᠲᠡᠵᠢᠭᠡᠨ ᠠᠷᠠᠴᠢᠯᠠᠬᠤ ᠬᠠᠮᠢᠶᠠᠷᠤᠯᠲᠠ᠂ ᠡᠬᠡ ᠮᠠᠯ ᠤᠨ ᠬᠥᠩᠭᠡᠵᠢᠭᠰᠡᠨ ᠤ ᠳᠠᠷᠠᠭᠠᠬᠢ ᠲᠡᠵᠢᠭᠡᠯ ᠨᠥᠬᠦᠪᠦᠷᠢᠯᠡᠬᠦ ᠮᠡᠷᠭᠡᠵᠢᠯ᠂ ᠠᠮᠢᠲᠠᠨ ᠤ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠰᠠᠭᠤᠷᠢ ᠲᠥᠬᠦᠭᠡᠷᠦᠮᠵᠢ ᠶᠢ ᠰᠡᠯᠪᠢᠨ ᠵᠠᠰᠠᠵᠤ ᠪᠠᠬᠢᠵᠢᠭᠦᠯᠬᠦ ᠵᠡᠷᠭᠡ ᠬᠡᠷᠡᠭᠯᠡᠭᠡᠨ ᠤ ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠶᠢ ᠥᠷᠨᠢᠭᠦᠯᠵᠦ᠂ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠡᠪᠡᠰᠦ ᠪᠣᠷᠳᠤᠭ᠎ᠠ ᠶᠢ ᠭᠦᠢᠴᠡᠳ ᠨᠥᠭᠡᠴᠡᠯᠡᠵᠦ᠂ ᠮᠠᠯᠴᠢᠳ ᠤᠨ ᠠᠷᠠᠴᠢᠯᠠᠨ ᠲᠡᠵᠢᠭᠡᠬᠦ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ ᠂ ᠪᠥᠬᠦ ᠬᠤᠰᠢᠭᠤᠨ ᠤ ᠲᠥᠯ ᠲᠤᠰᠴᠤ ᠪᠣᠶᠢᠵᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠲᠦᠮᠵᠢᠲᠡᠶ ᠪᠠᠲᠤᠯᠠᠭᠰᠠᠭᠠᠷ ᠢᠷᠡᠪᠡ᠃ ᠣᠲᠣ ᠪᠣᠯᠲᠠᠯ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠪᠤᠷ ᠤᠨ ᠤᠯᠠᠷᠢᠯ ᠤᠨ ᠲᠦᠯ ᠲᠤᠰᠴᠤ ᠪᠣᠶᠢᠵᠢᠭᠤᠯᠬᠤ ᠠᠵᠢᠯ ᠡᠮᠬᠢ ᠳᠢᠭᠯᠢᠮ ᠲᠠᠢ ᠶᠠᠪᠤᠭᠳᠠᠵᠤ᠂ 41.27 ᠲᠦᠮᠡᠨ ᠬᠤᠨᠢᠨ ᠤ ᠲᠦᠯ ᠲᠤᠰᠴᠤ᠂ ᠣᠨᠳᠣᠷᠣᠯᠲᠠ ᠶᠢᠨ ᠨᠣᠷᠮ᠎ᠠ 99% ᠳᠤ ᠬᠦᠷᠪᠡ︔ 7.64 ᠲᠦᠮᠡᠨ ᠦᠨᠢᠶᠡᠨ ᠤ ᠲᠦᠯ ᠲᠣᠰᠴᠤ᠂ ᠣᠨᠳᠣᠷᠣᠯᠲᠠ ᠶᠢᠨ ᠨᠤᠷᠮ᠎ᠠ 99% ᠳᠤ ᠬᠦᠷᠪᠡ᠃ ᠣᠶᠢᠯᠠᠭᠠᠭᠰᠠᠨ ᠢᠶᠠᠷ᠂ ᠡᠨᠡ ᠵᠢᠯ ᠰᠢᠨ᠎ᠡ ᠪᠠᠷᠭᠤ ᠪᠠᠷᠠᠭᠤᠨ ᠬᠤᠰᠢᠭᠤ ᠵᠢᠱᠢᠯᠲᠡ ᠪᠠᠷ 82.6 ᠲᠦᠮᠡᠨ ᠲᠣᠯᠣᠭᠠᠢ ᠲᠥᠯ ᠲᠣᠰᠴᠤ᠂ ᠡᠭᠦᠨ ᠳᠤ ᠪᠤᠳᠠ ᠮᠠᠯ ᠪᠠᠷᠤᠭ 10.2 ᠲᠦᠮᠡᠨ ᠲᠣᠯᠣᠭᠠᠢ᠂ ᠪᠤᠭ ᠮᠠᠯ ᠪᠠᠷᠤᠭ 72.4 ᠲᠦᠮᠡᠨ ᠲᠣᠯᠣᠭᠠᠢ ᠲᠣᠰᠬᠤ ᠪᠣᠯᠣᠨ᠎ᠠ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ