ᠴᠢᠰᠤᠨ ᠳᠠᠷᠤᠯᠲᠠ ᠥᠨᠳᠥᠷ ᠪᠣᠯ ᠢᠯᠡᠭᠦᠦ ᠵᠢᠮᠢᠰ ᠢᠳᠡ︕ ᠰᠤᠳᠤᠯᠭᠠᠨ ᠳᠤ ᠢᠯᠡᠷᠡᠭᠦᠯᠦᠭᠰᠡᠨ ᠢᠶᠠᠷ᠄ ᠡᠨᠡ ᠬᠤᠶᠠᠷ ᠵᠦᠢᠯ ᠤᠨ ᠵᠢᠮᠢᠰ ᠨᠢ ᠥᠭᠦᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ
ᠨᠡᠶᠢᠲᠡᠯᠡᠭᠰᠡᠨ ᠴᠠᠭ᠄
2024/4/15
      ᠰᠤᠳᠤᠯᠭᠠᠨ ᠳᠤ ᠢᠯᠡᠷᠡᠭᠦᠯᠦᠭᠰᠡᠨ ᠢᠶᠠᠷ᠄ ᠪᠠᠨᠠᠨᠠ ᠪᠤᠶᠤ ᠠᠯᠮᠤᠷᠠᠳ ᠢ ᠢᠯᠡᠭᠦᠬᠡᠨ ᠢᠳᠡᠪᠡᠯ᠂ ᠴᠢᠰᠤᠨ ᠳᠠᠷᠤᠯᠲᠠ ᠥᠨᠳᠥᠷ ᠡᠪᠡᠳᠴᠢᠲᠡᠨ ᠤ ᠥᠭᠦᠬᠦ ᠲᠦᠭᠰᠢᠭᠦᠷᠢ ᠶᠢ ᠪᠠᠭᠠᠰᠬᠠᠵᠤ᠂ ᠬᠤᠶᠠᠷ ᠵᠦᠢᠯ ᠤᠨ ᠵᠢᠮᠢᠰ ᠢ ᠬᠠᠮᠳᠤ ᠪᠠᠷ ᠢᠳᠡᠪᠡᠯ ᠬᠠᠮᠤᠭ ᠤᠨ ᠶᠡᠭᠡ ᠠᠰᠢᠭᠲᠠᠶ ᠪᠠᠶᠢᠳᠠᠭ᠃      ᠡᠳᠦᠷ ᠪᠦᠷᠢ 125 ᠭᠷᠠᠮ ᠤᠷᠴᠢᠮ ᠪᠤᠷᠴᠠᠭ ᠤᠨ ᠢᠳᠡᠭᠡᠨ ᠢᠳᠡᠵᠦ ᠪᠠᠶᠢᠭ᠎ᠠ ᠬᠥᠮᠦᠨ ᠢ ᠡᠳᠦᠷ ᠪᠦᠷᠢ 125 ᠭᠷᠠᠮ ᠠᠴᠠ ᠪᠠᠭ᠎ᠠ ᠪᠤᠷᠴᠠᠭ ᠤᠨ ᠢᠳᠡᠭᠡᠨ ᠢᠳᠡᠵᠦ ᠪᠠᠶᠢᠭ᠎ᠠ ᠬᠥᠮᠦᠨ ᠲᠠᠢ ᠬᠠᠷᠢᠴᠠᠭᠤᠯᠪᠠᠯ᠂ ᠴᠢᠰᠤᠨ ᠳᠠᠷᠤᠯᠲᠠ ᠥᠨᠳᠥᠷ ᠪᠣᠯᠬᠤ ᠲᠦᠭᠰᠢᠭᠦᠷᠢ ᠨᠢ 27 % ᠪᠠᠷ ᠪᠠᠭᠤᠷᠠᠬᠰᠠᠨ ᠪᠠᠶᠢᠳᠠᠭ᠃      ᠴᠠᠶ ᠤᠤᠭᠤᠬᠤ ᠳᠠᠳᠬᠠᠯ ᠲᠠᠢ ᠬᠥᠮᠦᠨ ︵ᠭᠠᠷᠠᠭ ᠪᠦᠷᠢ 3 ᠤᠳᠠᠭ᠎ᠠ ᠤᠤᠭᠤᠬᠤ᠂ ᠨᠠᠭᠠᠳᠤ ᠵᠠᠬ᠎ᠠ ᠳᠠᠭᠠᠨ 6 ᠰᠠᠷ᠎ᠠ ᠤᠤᠭᠤᠬᠤ︶ ᠤ ᠴᠢᠰᠤᠨ ᠳᠠᠷᠤᠯᠲᠠ ᠥᠨᠳᠥᠷ ᠪᠣᠯᠬᠤ ᠲᠦᠭᠰᠢᠭᠦᠷᠢ ᠨᠢ ᠴᠠᠶ ᠤᠤᠭᠤᠬᠤ ᠳᠠᠳᠬᠠᠯ ᠥᠬᠡᠶ ᠬᠥᠮᠦᠨ ᠠᠴᠠ 14 % ᠪᠠᠷ ᠳᠤᠤᠷ᠎ᠠ ᠪᠠᠶᠢᠳᠠᠭ᠃      ᠡᠳᠦᠷ ᠪᠦᠷᠢ ᠨᠢᠭᠡ ᠲᠥᠪᠡᠳ ᠬᠠᠰᠢ ᠢᠳᠡᠪᠡᠯ ᠴᠢᠰᠤᠨ ᠳᠠᠷᠤᠯᠲᠠ ᠶᠢ  ᠪᠠᠭᠤᠷᠠᠭᠤᠯᠬᠤ ᠳᠤ ᠠᠰᠢᠭᠲᠠᠶ ᠪᠥᠭᠡᠳ ᠴᠢᠰᠤᠨ ᠳᠠᠷᠤᠯᠲᠠ ᠥᠨᠳᠥᠷ ᠪᠣᠯᠬᠤ ᠲᠦᠭᠰᠢᠬᠦᠷᠢ ᠶᠢ ᠪᠠᠭᠠᠰᠬᠠᠳᠠᠭ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ