ᠰᠠᠶᠢᠨ ᠰᠠᠶᠢᠬᠠᠨ ᠬᠡᠪ ᠵᠠᠩᠰᠢᠯ ᠢ ᠪᠤᠢ ᠪᠤᠯᠭᠠᠬᠤ ᠶᠢᠨ ᠲᠥᠯᠥᠭᠡ ᠭᠠᠪᠢᠶ᠎ᠠ ᠶᠢ ᠨᠢ ᠦᠵᠡᠵᠦ ᠱᠠᠩᠨᠠᠨ ᠬᠥᠬᠢᠭᠦᠯᠵᠦ᠂ ᠦᠢᠯᠡᠰ ᠪᠣᠰᠬᠠᠬᠤ ᠠᠮᠢᠵᠢᠷᠠᠯ ᠤᠨ | ᠬᠦᠴᠦᠨ ᠢ ᠬᠥᠭᠵᠢᠭᠡᠵᠦ᠂ ᠥᠪᠥᠷ ᠮᠣᠩᠭᠤᠯ ᠦᠨᠡᠨ ᠪᠣᠳᠠᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠳᠤᠮᠳᠠ ᠲᠣᠪᠣᠶᠢᠮ᠎ᠠ | ᠬᠤᠪᠢ ᠨᠡᠮᠡᠷᠢ ᠦᠵᠡᠭᠦᠯᠦᠭᠰᠡᠨ ᠭᠠᠪᠢᠶᠠᠲᠠᠨ ᠢ ᠵᠣᠭᠤᠰ ᠮᠥᠩᠭᠦ ᠪᠠᠷ ᠱᠠᠩᠨᠠᠨ ᠬᠥᠬᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠬᠠᠮᠤᠭ ᠤᠨ ᠰᠢᠨ᠎ᠡ ᠮᠡᠳᠡᠭᠡ ᠶᠢ ᠦᠨᠳᠦᠰᠦᠯᠡᠪᠡᠯ᠄ 2023 ᠣᠨ ᠤ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ | ᠠᠮᠵᠢᠯᠲᠠ ᠪᠦᠲᠦᠮᠵᠢ ᠶᠢ ᠬᠢᠨᠠᠨ ᠰᠢᠯᠭᠠᠭᠰᠠᠨ ᠲᠡᠷᠢᠭᠦᠨ ᠤ ᠠᠶᠢᠮᠠᠭ ᠬᠤᠲᠠ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ | ᠬᠠᠮᠲᠤ ᠬᠢᠭᠡᠳ ᠲᠡᠷᠢᠭᠦᠨ ᠤ ᠬᠤᠪᠢ ᠬᠥᠮᠥᠨ ᠢ ᠱᠠᠩᠨᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ | ᠪᠠᠶᠢᠷᠢᠯᠠᠭᠤᠯᠤᠯᠲᠠ ᠶᠣᠰᠣᠭᠠᠷ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠬᠢᠨᠠᠨ ᠰᠢᠯᠭᠠᠬᠤ ᠱᠠᠩᠨᠠᠯ ᠤᠨ ᠪᠡᠯᠡ ᠮᠥᠩᠭᠦ ᠶᠢ 8143.2 ᠲᠦᠮᠡᠨ ᠲᠥᠭᠦᠷᠢᠭ ᠲᠣᠬᠢᠷᠠᠭᠤᠯᠪᠠ᠃ | ᠡᠭᠦᠨ ᠳᠤ᠂ ᠭᠦᠭᠡᠬᠤᠲᠠ᠂ ᠪᠤᠭᠤᠲᠤ ᠬᠤᠲᠠ᠂ ᠣᠷᠳᠣᠰ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠳᠤ 500 | ᠲᠦᠮᠡ – 3000 ᠲᠦᠮᠡᠨ ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠱᠠᠩᠨᠠᠯ ᠣᠯᠭᠤᠪᠠ︔ ᠭᠦᠭᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠵᠡᠷᠭᠡ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ 50 ᠲᠡᠷᠢᠭᠦᠨ ᠤ | ᠬᠠᠮᠲᠤ ᠶᠢ ᠬᠥᠬᠢᠭᠦᠯᠦᠨ ᠱᠠᠩᠨᠠᠪᠠ︔ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠪᠠᠷ | ᠲᠣᠪᠣᠶᠢᠮ᠎ᠠ 100 ᠨᠡᠷᠡᠰ ᠬᠤᠪᠢ ᠬᠥᠮᠥᠨ ᠳᠤ 3000 – 6000 ᠲᠥᠭᠦᠷᠢᠭ ᠤᠨ ᠠᠳᠠᠯᠢ ᠪᠤᠰᠤ ᠬᠡᠮᠵᠢᠶᠡᠨ ᠤ ᠱᠠᠩᠨᠠᠯ ᠣᠯᠭᠤᠪᠠ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠡᠳ᠋ ᠳᠠᠷᠤᠭ᠎ᠠ ᠦ᠋ ᠵᠢᠶᠠᠨ᠂ ᠱᠠᠩᠨᠠᠨ᠎ᠠ ᠭᠡᠰᠡᠨ ᠠᠮᠠᠯᠠᠯᠲᠠ ᠪᠠᠨ ᠪᠡᠶᠡᠯᠡᠭᠦᠯᠵᠦ᠂ ᠦᠨᠡᠨᠴᠢ ᠢᠲᠡᠭᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠵᠤ ᠡᠯ᠎ᠡ ᠭᠠᠵᠠᠷ ᠤᠨ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠢᠳᠡᠪᠬᠢᠵᠢᠯ ᠢ ᠳᠠᠶᠢᠴᠢᠯᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠬᠦ ᠶᠢ ᠵᠣᠷᠢᠭᠰᠠᠨ ᠶᠤᠮ | ᠭᠡᠵᠦ ᠪᠠᠶᠢᠯ᠎ᠠ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠭᠦᠭᠡᠬᠤᠲᠠ ᠶᠢᠨ ᠰᠢᠨ᠎ᠡ ᠬᠤᠳᠠ ᠲᠣᠭᠤᠷᠢᠭ ᠤᠨ | ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠳᠠᠷᠤᠭ᠎ᠠ ᠭᠤᠤ ᠰᠢᠨ ᠠᠷᠠᠯᠵᠢᠶᠠᠴᠢᠨ ᠤᠷᠢᠬᠤ ᠲᠤᠷᠰᠢᠯᠭ᠎ᠠ ᠪᠠᠨ ᠲᠣᠪᠴᠢ | ᠠᠪᠰᠠᠷᠬᠠᠨ ᠢᠶᠠᠷ ᠡᠶᠢᠨ ᠬᠦ ᠳ᠋ᠦᠩᠨᠡᠪᠡ᠄ ︽ᠠᠵᠤ ᠦᠢᠯᠡᠰ ᠤᠨ ᠳᠠᠭᠠᠭᠤᠯᠤᠭᠴᠢ ᠶᠢ ᠣᠷᠣᠭᠤᠯᠤᠨ᠂ ᠡᠬᠢᠨ ᠤ ᠪᠠ ᠡᠴᠦᠰ ᠤᠨ ᠬᠡᠯᠬᠢᠶ᠎ᠡ ᠶᠢ ᠰᠢᠯᠤᠭᠤᠳᠬᠠᠵᠤ᠂ | ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨ ᠬᠥᠳᠡᠯᠦᠯᠴᠡᠵᠦ ᠲᠠᠶᠢᠴᠢᠯᠠᠨ᠎ᠡ︾᠃ ᠡᠨᠡ ᠲᠤᠷᠰᠢᠯᠭ᠎ᠠ ᠪᠠᠷ ᠢᠶᠠᠨ 2023 ᠣᠨ ᠳᠤ | ᠭᠤᠤ ᠰᠢᠨ ᠲᠡᠭᠦᠨ ᠤ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ ᠤᠯᠠᠨ ᠭᠠᠵᠠᠷ ᠢᠶᠠᠷ ᠶᠠᠪᠤᠵᠤ ᠦᠨᠡᠨᠴᠢ ᠪᠠᠷ ᠠᠷᠠᠯᠵᠢᠶᠠᠴᠢᠨ ᠤᠷᠢᠵᠤ᠂ ᠢᠲᠡᠭᠡᠯ ᠢᠶᠠᠷ | ᠪᠡᠯᠡ ᠮᠥᠩᠭᠦ ᠣᠷᠣᠭᠤᠯᠤᠨ ᠠᠪᠴᠢᠷᠠᠵᠤ᠂ ᠪᠦᠭᠦ ᠵᠢᠯ ᠳᠤ 158 ᠡᠳᠦᠷ ᠭᠠᠳᠠᠭᠰᠢ ᠭᠠᠷᠴᠤ᠂ ᠳ᠋ᠦᠩᠰᠢᠭᠤᠷ ᠲᠥᠭᠦᠷᠢᠭ ᠠᠴᠠ ᠳᠠᠪᠠᠭᠰᠠᠨ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠲᠥᠷᠥᠯ ᠵᠦᠢᠯ ᠢ 48ᠣᠷᠣᠭᠤᠯᠤᠨ ᠠᠪᠴᠢᠷᠠᠵᠤ᠂ ᠵᠥᠪᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ ᠨᠢ 360.21 ᠳ᠋ᠦᠩᠰᠢᠭᠤᠷ | ᠲᠥᠭᠦᠷᠢᠭ ᠲᠤ ᠬᠦᠷᠴᠦ᠂ ᠣᠨ ᠤ ᠡᠭᠦᠷᠭᠡ ᠪᠠᠨ 120% ᠪᠠᠷ ᠪᠡᠶᠡᠯᠡᠭᠦᠯᠵᠡᠢ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠠᠮᠲᠤ – ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠷᠠᠯᠵᠢᠶᠠᠴᠢᠨ ᠤᠷᠢᠬᠤ ᠠᠵᠢᠯᠲᠠᠨ ᠨᠢᠳᠤᠨᠤᠨ ᠪᠦᠭᠦ | ᠤᠯᠤᠰ ᠤᠨ ᠮᠢᠩᠭᠠᠨ ᠴᠠᠭᠢᠯᠭᠠᠨ ᠮᠠᠰᠢᠨ ᠤ ᠠᠵᠤ ᠠᠬᠤᠶᠢᠯᠠᠯ ᠪᠠ ᠵᠠᠭᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠢᠶᠠᠷ ᠬᠦᠷᠴᠦ ᠠᠷᠠᠯᠵᠢᠶᠠᠴᠢᠨ ᠤᠷᠢᠬᠤ | ᠠᠵᠢᠯ ᠢ ᠠᠳᠬᠤᠵᠠᠢ᠃ 105 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠱᠤᠸᠠᠩ ᠯᠢᠶᠠᠩ ᠪᠦᠯᠦᠭᠯᠡᠯ ᠤᠨ 50GW ᠶᠢᠨ ᠳᠠᠩ ᠲᠠᠯᠠᠰᠲᠤ | ᠴᠠᠬᠢᠭᠤᠷ ᠤᠨ ᠲᠠᠯᠠᠰᠲᠤ ᠶᠢᠨ ᠲᠥᠷᠦᠯ ᠵᠦᠢᠯ ᠨᠢ ᠲᠣᠰ ᠵᠢᠯ ᠳᠡᠭᠡᠨ ᠠᠵᠢᠯ ᠡᠬᠢᠯᠡᠵᠦ᠂ ᠲᠣᠰ ᠵᠢᠯ ᠳᠡᠭᠡᠨ ᠠᠰᠢᠭᠯᠠᠯᠲᠠ ᠳᠤ ᠣᠷᠣᠪᠠ︔ 20 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠭᠰᠠᠨ ᠬᠤᠸᠠ ᠳ᠋ᠢᠶᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ︽ᠰᠠᠯᠬᠢ ᠭᠡᠷᠡᠯ | ᠤᠰᠤᠲᠥ᠋ᠷᠥᠭᠴᠢ ᠬᠠᠳᠠᠭᠠᠯᠠᠬᠤ︾ ᠳᠡᠭᠡᠳᠦ ᠲᠡᠰ ᠤᠨ ᠲᠣᠨᠣᠭᠯᠠᠯ ᠤᠨ ᠣᠶᠤᠨᠴᠢ ᠦᠢᠯᠡᠳᠬᠦ ᠲᠦᠷᠦᠯ ᠵᠦᠢᠯ ᠵᠡᠷᠭᠡ ᠨᠢᠭᠡ ᠪᠦᠯᠦᠭ ᠴᠢᠨᠠᠷ ᠰᠠᠶᠢᠲᠠᠢ ᠴᠢᠬᠤᠯᠠ | ᠶᠡᠭᠡ ᠲᠦᠷᠦᠯ ᠵᠦᠢᠯ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠲᠤ ᠭᠡᠷ᠎ᠡ ᠲᠣᠭᠲᠠᠵᠤ | ᠨᠠᠶᠢᠳᠠᠪᠤᠷᠢᠵᠢᠭᠤᠯᠪᠠ᠃ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠪᠦᠭᠦ ᠵᠢᠯ ᠳᠤ | 126 ᠲᠦᠷᠦᠯ ᠵᠦᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 453.6 ᠳ᠋ᠦᠩᠰᠢᠭᠤᠷ ᠲᠥᠭᠦᠷᠢᠭ ᠲᠤ ᠬᠦᠷᠴᠡᠢ᠃ | ︽ᠬᠥᠬᠢᠭᠦᠯᠦᠨ ᠱᠠᠩᠨᠠᠬᠤ ᠨᠢ ᠵᠢᠳᠬᠦᠯ ᠭᠠᠷᠭᠠᠭᠰᠠᠳ ᠢ ᠨᠤᠲᠠᠯᠠᠵᠤ ᠪᠠᠶᠢᠬᠤ ᠪᠠᠷ ᠪᠠᠷᠠᠬᠤ ᠦᠭᠡᠢ᠂ ᠨᠡᠩ ᠴᠤ ᠱᠠᠩᠨᠠᠯ ᠬᠦᠷᠲᠡᠭᠰᠡᠳ ᠤᠨ ᠡᠷᠡᠯᠬᠡᠭᠯᠡᠨ | ᠤᠷᠤᠭᠰᠢᠯᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠵᠤ ᠪᠣᠯᠣᠨ᠎ᠠ︾᠂ ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠴᠧᠨ ᠹᠦ᠋ ᠼᠠᠢ᠂ ᠣᠳᠣᠬᠠᠨ ᠳᠤ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠢᠨ ᠨᠢᠭᠡᠨᠲᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠲᠠᠯᠠᠰᠲᠤ ᠴᠠᠬᠢᠭᠤᠷ ᠤᠨ ᠭᠡᠷᠡᠯᠴᠢ ᠴᠡᠨᠡᠭ᠂ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠡᠨᠧᠷᠭᠢ | ᠵᠡᠷᠭᠡ 20 ᠠᠵᠤ ᠦᠢᠯᠡᠰ ᠤᠨ ᠠᠷᠠᠯᠵᠢᠶᠠᠴᠢᠨ ᠤᠷᠢᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠦᠭᠦ ᠵᠢᠯ ᠳᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ | ᠴᠠᠭᠢᠯᠭᠠᠨ ᠮᠠᠰᠢᠨ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ 45 ᠠᠴᠠ ᠳᠡᠭᠡᠭᠰᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ ᠪᠠᠶᠢᠨ᠎ᠠ | ᠭᠡᠵᠦ ᠲᠠᠨᠢᠯᠴᠠᠭᠤᠯᠵᠠᠢ᠃ | ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠲᠡᠷᠢᠭᠦᠨ ᠤ ᠬᠤᠪᠢ ᠬᠥᠮᠥᠨ᠂ ᠣᠷᠳᠣᠰ ᠬᠤᠲᠠ ᠶᠢᠨ ᠦᠦᠰᠢᠨ ᠬᠤᠰᠢᠭᠤᠨ ᠤ | ᠬᠤᠰᠢᠭᠤᠨ ᠳᠠᠷᠤᠭ᠎ᠠ ᠰᠢᠨ᠎ᠡ ᠠᠷᠠᠯᠵᠢᠶᠠᠴᠢᠨ ᠤᠷᠢᠬᠤ ᠪᠦᠯᠭᠦᠮ ᠢᠶᠠᠨ ᠳᠠᠭᠠᠭᠤᠯᠤᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠣᠶᠣᠯ | ᠵᠢᠭᠤᠯᠴᠢᠯᠠᠯ ᠵᠡᠷᠭᠡ 9 ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠳᠤᠨᠤᠨ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ | ᠭᠤᠷᠪᠠᠯᠵᠢᠨ ᠬᠤᠶᠢᠭ ᠵᠡᠷᠭᠡ ᠭᠠᠵᠠᠷ ᠲᠤ ᠬᠦᠷᠴᠦ 24 ᠤᠳᠠᠭ᠎ᠠ ᠶᠢᠨ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ | ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ 2400 ᠳ᠋ᠦᠩᠰᠢᠭᠤᠷ ᠲᠥᠭᠦᠷᠢᠭ ᠢ ᠳᠠᠪᠠᠪᠠ᠃ | ︽ᠪᠢᠳᠡ ᠢᠷᠠᠭᠤ ᠠᠯᠳᠠᠷ ᠢᠶᠠᠨ ᠮᠠᠰᠢ ᠨᠠᠨᠳᠢᠩᠨᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠴᠢᠨᠠᠷ ᠰᠠᠶᠢᠲᠠᠢ ᠬᠥᠭᠵᠢᠯᠲᠡ ᠶᠢᠨ | ᠵᠠᠮ ᠢᠶᠠᠷ ᠰᠠᠶᠢᠲᠤᠷ ᠵᠠᠮᠨᠠᠨ᠎ᠠ︾᠃ ᠰᠢᠨ᠎ᠡ 2024 ᠣᠨ ᠳᠤ ᠦᠦᠰᠢᠨ ᠬᠤᠰᠢᠭᠤ ᠦᠷᠭᠦᠯᠵᠢᠯᠡᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ | ᠲᠣᠭᠤᠷᠢᠨ ᠳᠤ ᠠᠷᠠᠯᠵᠢᠶᠠᠴᠢᠨ ᠤᠷᠢᠵᠤ᠂ ᠪᠦᠭᠦ ᠵᠢᠯ ᠤᠨ ᠣᠷᠣᠭᠤᠯᠤᠨ ᠠᠪᠴᠢᠷᠠᠭᠰᠠᠨ ᠪᠡᠯᠡ ᠮᠥᠩᠭᠦ ᠶᠢ ᠠᠳᠠᠯᠢ ᠬᠤᠭᠤᠴᠠᠭᠠᠨ ᠤ ᠬᠢ ᠠᠴᠠ 22% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠱᠠᠩᠨᠠᠯ ᠣᠯᠣᠭᠰᠠᠨ ᠳᠠᠭᠠᠨ ᠳᠣᠭᠳᠣᠯᠤᠨ ᠶᠠᠷᠢᠨ᠎ᠠ᠃ | ︽ᠲᠠᠷᠠᠭᠠᠴᠢ ᠶᠢᠨ ᠠᠯᠬᠤᠮ ᠳᠤ᠂ ᠪᠢᠳᠡ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠤᠬᠠᠢ ᠬᠢᠨᠠᠨ ᠰᠢᠯᠭᠠᠵᠤ ᠱᠠᠩᠨᠠᠬᠤ ᠪᠡᠯᠡ | ᠮᠥᠩᠭᠦ ᠶᠢᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠬᠢ ᠶᠢ ᠤᠷᠮᠠᠰᠢᠭᠤᠯᠬᠤ᠂ ᠥᠯᠢᠭᠡᠷ ᠳᠠᠭᠤᠷᠢᠶᠠᠯ ᠦᠵᠡᠭᠦᠯᠭᠦ ᠪᠠᠷ ᠳᠠᠮᠵᠢᠨ᠂ | ᠪᠦᠭᠦ ᠣᠷᠣᠨ ᠤ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠳᠤ ᠨᠠᠩ ᠣᠯᠠᠨ ᠬᠦᠴᠦᠨ ᠨᠡᠮᠡᠷᠢᠯᠡᠨ᠎ᠡ︾ ᠭᠡᠵᠦ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠠᠵᠤ ᠠᠬᠤᠢ ᠠᠷᠠᠯᠵᠢᠶᠠᠨ ᠤ ᠭᠠᠵᠠᠷ ᠤᠨ ᠳᠠᠷᠤᠭ᠎ᠠ ᠲᠦᠩ ᠯᠢᠶᠠᠨ ᠳ᠋ᠢ ᠶᠠᠷᠢᠵᠤ ᠪᠠᠶᠢᠯ᠎ᠠ᠃ | | |