ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠪᠦᠭᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠦᠭᠦ ᠣᠷᠣᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠮᠠᠨ ᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠪᠦᠭᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠰᠠᠬᠢᠯᠭ᠎ᠠ ᠪᠠᠲᠤ ᠶᠢ ᠰᠤᠷᠤᠯᠴᠠᠬᠤ ᠠᠴᠠ ᠭᠠᠷᠳᠠᠬᠤ ᠶᠢ ᠪᠠᠷᠢᠮᠲᠠᠯᠠᠵᠤ᠂ ᠡᠯ᠎ᠡ ᠵᠦᠢᠯ ᠤᠨ ᠠᠵᠢᠯ ᠢᠶᠠᠨ ᠪᠣᠳᠠᠲᠠᠶᠢᠵᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠪᠠᠭ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠶᠢ ᠠᠬᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠰᠠᠬᠢᠯᠭ᠎ᠠ ᠪᠠᠲᠤ ᠶᠢ ᠵᠢᠷᠤᠮᠯᠠᠬᠤ ᠤᠬᠠᠮᠰᠠᠷ ᠢᠶᠠᠨ ᠴᠢᠩᠭᠠᠳᠬᠠᠬᠤ ᠶᠢ ᠠᠬᠢᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠬᠢᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠣᠨᠣᠴᠠᠲᠠᠢ ᠬᠦᠴᠦᠯᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠦᠨᠡᠨ ᠬᠦ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠲᠡᠭᠦᠨ ᠤ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠨᠢ ᠶᠠᠭᠤ ᠪᠤᠯᠬᠤ᠂ ᠶᠠᠭᠤ ᠶᠢ ᠬᠢᠵᠦ ᠪᠤᠯᠬᠤ᠂ ᠶᠠᠭᠤ ᠶᠢ ᠬᠢᠵᠦ ᠪᠤᠯᠬᠤ ᠦᠭᠡᠢ ᠭᠡᠳᠡᠭ ᠢ ᠲᠣᠳᠣᠷᠬᠠᠢ ᠣᠶᠢᠯᠠᠭᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠡᠳᠦᠷᠵᠢᠨ ᠬᠡᠷᠡᠭᠯᠡᠵᠦ ᠪᠠᠶᠢᠪᠠᠴᠤ ᠥᠯᠥ ᠠᠩᠵᠠᠭᠠᠷᠠᠬᠤ ᠦᠭᠡ ᠶᠠᠷᠢᠶ᠎ᠠ ᠦᠶᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠨ ᠰᠢᠩᠭᠡᠭᠡᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠠᠢ ᠤᠶᠠᠯᠳᠤᠭᠤᠯᠵᠤ᠂ ᠤᠯᠠᠨ ᠲᠦᠮᠡᠨ ᠤ ᠲᠤᠰᠬᠠᠯ ᠶᠡᠬᠡᠲᠡᠢ ᠲᠣᠪᠣᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠳᠤ ᠦᠨᠡᠨ ᠪᠣᠳᠠᠲᠠᠢ ᠬᠤᠪᠢᠷᠠᠯᠲᠠ ᠪᠠ ᠦᠷ᠎ᠡ ᠪᠦᠲᠦᠮᠵᠢ ᠶᠢ ᠦᠵᠡᠭᠦᠯᠭᠦ ᠬᠡᠷᠡᠭᠲᠡᠢ᠃ ︽ᠭᠤᠷᠪᠠᠨ ᠠᠷᠪᠢᠨ ᠭᠤᠷᠪᠠᠨ ᠴᠥᠭᠡᠨ ᠭᠤᠷᠪᠠᠨ ᠤᠳᠠᠭᠠᠨ︾ ᠪᠠᠶᠢᠬᠤ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠨᠠᠮ ᠤᠨ ᠭᠡᠰᠢᠭᠦᠨ ᠺᠠᠳ᠋ᠷᠴᠤᠳ ᠤᠨ  ᠪᠠᠭ᠎ᠠ ᠬᠡᠮᠡᠨ ᠮᠠᠭᠤ ᠶᠠᠪᠤᠳᠠᠯ ᠦᠢᠯᠡᠳᠬᠦ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠵᠢᠰᠠᠭᠢᠬᠤ ᠲᠠᠯ᠎ᠠ ᠪᠠᠷ ᠥᠭᠡᠷᠡᠲᠦᠭᠦᠯᠦᠨ ᠬᠤᠪᠢᠷᠠᠭᠤᠯᠬᠤ᠂  ᠬᠢᠮᠳᠠᠷᠠᠭᠤᠯᠵᠤ ᠬᠥᠩᠭᠡᠪᠴᠢᠯᠡᠬᠦ᠂ ᠣᠪ ᠤᠬᠠᠭᠠᠨ ᠬᠡᠷᠡᠭᠯᠡᠬᠦ ᠵᠡᠷᠭᠡ ᠶᠠᠪᠤᠳᠠᠯ ᠢ ᠶᠠᠭᠠᠬᠢᠭᠰᠠᠨ ᠴᠤ ᠭᠠᠷᠭᠠᠬᠤ ᠦᠭᠡᠢ ᠪᠠᠶᠢᠬᠤ ᠶᠢ ᠬᠥᠮᠥᠵᠢᠭᠦᠯᠦᠨ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠳᠤᠷᠢᠳᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ ᠺᠠᠳ᠋ᠷ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠱᠠᠲᠤ ᠱᠠᠲᠤ ᠪᠠᠷ ᠡᠭᠦᠷᠭᠡ ᠱᠠᠭᠠᠷᠳᠠᠯᠭ᠎ᠠ ᠨᠡᠮᠡᠬᠦ ᠶᠢ ᠰᠡᠷᠭᠡᠶᠢᠯᠡᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠶᠢᠯᠠᠬᠤ᠂ ᠰᠠᠬᠢᠯᠭ᠎ᠠ ᠪᠠᠲᠤ ᠶᠢ ᠰᠠᠬᠢᠬᠤ ᠥᠳᠬᠡᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠤᠶᠠᠯᠳᠤᠭᠤᠯᠵᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠶᠠᠷ ᠲᠠᠯ᠎ᠠ ᠶᠢ ᠵᠡᠷᠭᠡ ᠪᠠᠷ ᠠᠳᠬᠤᠵᠤ᠂ ᠬᠤᠶᠠᠷ ᠲᠠᠯ᠎ᠠ ᠶᠢ ᠵᠡᠷᠭᠡᠪᠡᠷ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ