ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2024/4/15
      4 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 3 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠪᠠᠨ ᠦᠨᠡᠨ ᠬᠦ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠡᠵᠡᠩᠨᠡᠯᠲᠡ ᠬᠠᠮᠢᠶᠠᠷᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠭᠦᠨᠵᠡᠭᠡᠢ ᠪᠠᠶᠢᠴᠠᠭᠠᠨ ᠡᠷᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠠ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠭᠡᠳᠡᠷᠭᠦ ᠰᠢᠬᠠᠮᠳᠠᠭᠤᠯᠵᠤ ᠪᠠᠶᠢᠭᠠᠳ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠶᠢᠨ ᠳᠦᠷᠢᠮ ᠲᠣᠭᠲᠠᠴᠠ ᠶᠢ ᠪᠠᠶᠢᠭᠤᠯᠵᠤ᠂ ᠡᠵᠡᠩᠨᠡᠯᠲᠡ ᠶᠢᠨ ᠦᠷ᠎ᠡ ᠠᠰᠢᠭ ᠪᠣᠯᠣᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠷᠢᠶᠡᠨ ᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠠᠯᠢᠩ ᠣᠯᠭᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠦᠷᠢᠮ ᠤᠨ ᠲᠥᠯᠥᠪᠯᠡᠭᠡ ᠶᠢ ᠰᠠᠶᠢᠲᠤᠷ ᠬᠢᠵᠦ᠂ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠴᠠᠯᠢᠩ ᠣᠯᠭᠤᠮᠵᠢ ᠬᠠᠷᠠᠭᠠᠯᠵᠠᠯ ᠢ ᠠᠵᠤ ᠠᠬᠤᠶᠢᠯᠠᠯ ᠤᠨ ᠦᠷ᠎ᠡ ᠠᠰᠢᠭ ᠲᠠᠢ ᠦᠨᠡᠨ ᠬᠦ ᠬᠤᠯᠪᠣᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠦᠨᠡᠨ︾ᠰᠡᠳᠬᠦᠯ ᠤᠨ 2024 ᠣᠨ ᠤ 7 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠥᠪ ᠣᠨᠣᠪᠴᠢᠲᠠᠶ ᠠᠵᠢᠯ ᠤᠨ ᠠᠮᠵᠢᠯᠲᠠ ᠪᠦᠲᠦᠮᠵᠢ ᠶᠢᠨ ᠦᠵᠡᠯᠲᠡ ᠶᠢ ᠪᠤᠶ ᠪᠤᠯᠭᠠᠵᠤ᠂ ᠤᠬᠠᠮᠰᠠᠷ ᠠᠴᠠ ᠪᠠᠨ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠬᠢᠯ ᠲᠠᠯᠪᠢᠨ  ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠵᠢᠯ ᠳᠠᠷᠠᠭᠠᠯᠠᠨ ᠬᠢᠵᠦ᠂ ᠡᠨᠡ ᠵᠢᠯ ᠢᠯᠠᠩᠭᠤᠶ᠎ᠠ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠭᠡᠬᠦ ᠪᠤᠶᠤ ᠲᠡᠭᠦᠨ ᠠᠴᠠ ᠳᠠᠪᠠᠭᠤᠯᠬᠤ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠣᠯᠠᠨ ᠲᠦᠮᠡᠨ ᠤ ᠠᠵᠢᠯ ᠢ ᠬᠢᠬᠦ ᠠᠷᠭ᠎ᠠ ᠭᠡᠯᠪᠡᠷᠢ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠣᠯᠠᠨ ᠲᠦᠮᠡᠨ ᠢ ᠰᠤᠷᠭᠠᠨ ᠬᠥᠮᠥᠵᠢᠭᠦᠯᠬᠦ ᠶᠢ ᠰᠤᠷᠴᠤ᠂ ᠣᠯᠠᠨ ᠲᠦᠮᠡᠨ ᠢ ᠳᠠᠶᠢᠴᠢᠯᠠᠨ᠂ ᠣᠯᠠᠨ ᠤ ᠬᠦᠴᠦᠨ ᠢ ᠴᠢᠳᠠᠮᠠᠭᠠᠢ ᠬᠡᠷᠡᠭᠯᠡᠵᠦ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠦᠨ ᠠᠵᠢᠯ ᠢᠶᠠᠨ ᠰᠠᠶᠢᠲᠤᠷ ᠬᠢᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠪᠠᠶᠠᠷ ᠤᠨ ᠵᠠᠬᠢᠳᠠᠯ᠂ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠯᠢ ᠠᠯᠤᠰᠯᠠᠭᠰᠠᠨ ᠵᠢᠭᠤᠯᠴᠢᠯᠠᠯ ᠢ ᠬᠥᠭᠵᠢᠭᠦᠯᠬᠦ᠂ ᠴᠡᠷᠢᠭ ᠠᠩᠭᠢ ᠶᠢᠨ ᠪᠠᠶᠢᠭᠤᠯᠤᠯᠲᠠ ᠳᠤ ᠦᠢᠯᠡᠴᠢᠯᠡᠬᠦ᠂ ᠭᠠᠳᠠᠭᠠᠳᠤ ᠯᠤᠭ᠎ᠠ ᠶᠢᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃      ᠬᠤᠷᠠᠯ ᠠᠴᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠷᠦ ᠶᠢᠨ ᠪᠣᠳᠣᠯᠭ᠎ᠠ ᠪᠠ ᠠᠷᠭ᠎ᠠ ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠲᠠᠯ ᠢ ᠴᠡᠭᠴᠡᠯᠡᠨ ᠢᠯᠵᠠᠷᠠᠯ ᠢ ᠡᠰᠡᠷᠭᠦᠴᠡᠬᠦ ᠠᠵᠢᠯ ᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠨᠡᠶᠢᠲᠡ ᠶᠢᠨ ᠴᠢᠨᠠᠷᠲᠠᠢ ᠠᠰᠠᠭᠤᠳᠠᠯ ᠪᠠ ᠳᠠᠭᠢᠨ ᠳᠠᠪᠲᠠᠨ ᠢᠯᠡᠷᠡᠭᠰᠡᠨ ᠠᠰᠠᠭᠤᠳᠠᠯ ᠳᠤ ᠵᠠᠳᠠᠯᠤᠯᠲᠠ ᠬᠢᠬᠦ ᠶᠢ ᠴᠢᠩᠭᠠᠳᠬᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠱᠠᠯᠠᠪᠳᠠᠭᠤᠯᠵᠤ ᠪᠠᠶᠢᠭᠠᠳ ᠳᠦᠷᠢᠮ ᠢ ᠲᠡᠭᠦᠯᠳᠡᠷᠵᠢᠭᠦᠯᠵᠦ᠂ ᠲᠠᠰ ᠳᠠᠷᠠᠭᠠᠯᠠᠯ ᠢ ᠵᠢᠷᠤᠮᠵᠢᠭᠤᠯᠵᠤ᠂ ᠳᠤᠲᠠᠭᠤᠳᠠᠯ ᠢ ᠦᠨᠡᠨ ᠬᠦ ᠨᠥᠬᠦᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠵᠣᠬᠢᠶᠠᠨ ᠪᠠᠶᠢᠭᠤᠯᠤᠨ ᠠᠬᠢᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢᠨ ᠠᠵᠢᠯ ᠤᠨ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ