ᠪᠥᠬᠡᠪᠠᠶᠠᠷ ᠪᠦᠯᠬᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠠᠵᠢᠯ ᠵᠣᠯᠭᠠᠭᠤᠯᠬᠤ ᠶᠢᠨ ᠬᠠᠮᠲᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/4/16
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠵᠢᠩ ᠤᠣ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭ ᠮᠡᠳᠡᠭᠴᠢᠳ ᠤᠨ ᠳᠠᠷᠤᠭ᠎ᠠ ᠶᠢᠨ ᠪᠦᠦ ᠹᠠᠩ ᠲᠠᠢ ᠠᠭᠤᠯᠵᠠᠪᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠥᠬᠡᠪᠠᠶᠠᠷ ᠤᠨ ᠳᠠᠭᠠᠭᠤᠯᠤᠭᠰᠠᠨ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠰᠢᠨᠵᠢᠯᠡᠨ ᠪᠠᠶᠢᠴᠠᠭᠠᠬᠤ ᠪᠦᠯᠬᠦᠮ ᠵᠠᠷᠯᠢᠭ ᠢ ᠰᠣᠨᠣᠰᠤᠮᠠᠭᠴᠠ ᠬᠦᠳᠡᠯᠦᠯᠴᠡᠨ᠂ 4 ᠰᠠᠷ᠎ᠠ ᠶᠢᠨ 15 ᠤ ᠡᠳᠦᠷ ᠪᠡᠭᠡᠵᠢᠩ ᠬᠤᠳᠠ ᠳᠤ ᠬᠦᠷᠴᠦ᠂ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠨᠠᠷᠢᠯᠢᠭ ᠣᠨᠣᠪᠴᠢᠲᠠᠢ ᠪᠠᠷ ᠠᠵᠢᠯ ᠵᠣᠯᠭᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠠᠭᠤᠷᠢ ᠪᠣᠯᠭᠠᠭᠰᠠᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠰᠢᠶᠣᠣ ᠹᠧᠢ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠤ ᠣᠴᠢᠪᠠ᠃
4.12布1.jpg
      ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ᠂ ᠲᠥᠷᠥᠯ ᠵᠦᠢᠯ ᠤᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠷᠠᠳ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠨᠡᠶᠢᠳᠡᠮ ᠬᠦᠷᠲᠡᠭᠡᠬᠦ ᠶᠢ ᠪᠡᠶᠡᠯᠡᠭᠦᠯᠬᠦ ᠪᠣᠯ ᠲᠣᠰ ᠤᠳᠠᠭᠠᠨ ᠤ ᠰᠢᠨᠵᠢᠯᠡᠨ ᠪᠠᠶᠢᠴᠠᠭᠠᠵᠤ ᠠᠵᠢᠯ ᠵᠣᠯᠭᠠᠭᠤᠯᠬᠤ ᠭᠤᠣᠯᠳᠠᠯᠭ᠎ᠠ ᠪᠣᠯᠣᠨ᠎ᠠ᠃ ᠪᠥᠬᠡᠪᠠᠶᠠᠷ ᠵᠢᠩ ᠤᠣ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠢ ᠭᠦᠢᠴᠡᠳᠬᠡᠭᠴᠢ ᠵᠠᠬᠢᠷᠤᠯ ᠶᠠᠩ ᠠᠢ ᠴᠢᠩ ᠲᠠᠢ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠴᠢᠬᠤᠯᠠ ᠬᠦᠴᠦᠨ ᠢ ᠴᠢᠨᠠᠭᠰᠢᠳᠠ ᠰᠦᠪᠡᠭᠴᠢᠯᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠠᠷᠭ᠎ᠠ ᠵᠠᠮ ᠪᠠ ᠠᠷᠭ᠎ᠠ ᠪᠣᠳᠣᠯᠭ᠎ᠠ ᠶᠢ ᠬᠠᠶᠢᠨ ᠰᠦᠪᠡᠭᠴᠢᠯᠡᠪᠡ᠃       ᠪᠥᠬᠡᠪᠠᠶᠠᠷ᠂ ᠣᠶᠢᠷ᠎ᠠ ᠶᠢᠨ ᠵᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤ ᠮᠠᠨ ᠤ ᠤᠯᠤᠰ ᠤᠨ ᠤᠮᠠᠷᠠᠲᠤ ᠬᠢᠯᠢ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠦᠭᠵᠢᠭᠦᠯᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠲᠡᠦᠬᠡ ᠶᠢᠨ ᠡᠷᠴᠢ ᠶᠢ ᠰᠠᠶᠢᠲᠤᠷ ᠠᠳᠬᠤᠵᠤ᠂ ᠬᠡᠯᠪᠡᠷᠢ ᠶᠢ ᠬᠤᠪᠢᠷᠠᠭᠤᠯᠬᠤ ᠪᠠ ᠲᠡᠰ ᠳᠡᠪᠰᠢᠭᠦᠯᠬᠦ ᠶᠢᠨ ᠲᠣᠭᠤᠷᠢᠨ ᠳᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠠᠷᠪᠢᠲᠠᠢ ᠡᠷᠴᠢᠮᠲᠡᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠦ᠋ᠷᠦᠭᠴᠢᠲᠦ ᠬᠥᠭᠵᠢᠯᠲᠡ ᠶᠢᠨ ᠵᠠᠭᠪᠤᠷ ᠢ ᠢᠳᠡᠪᠬᠢᠲᠡᠢ ᠠᠬᠢᠭᠤᠯᠪᠠ᠃ ᠣᠷᠣᠨ ᠨᠤᠲᠤᠭ ᠪᠠ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠨᠢᠭᠲᠠ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠬᠠᠮᠲᠤ ᠪᠠᠷ ᠬᠦᠴᠦ ᠨᠡᠮᠡᠷᠢᠯᠡᠨ᠂ ᠬᠠᠮᠲᠤᠷᠠᠯᠴᠠᠭᠠᠨ ᠤ ᠲᠦᠷᠦᠯ ᠵᠦᠢᠯ ᠤᠨ ᠠᠯᠢ ᠲᠦᠷᠭᠡᠨ ᠢᠶᠠᠷ ᠦᠨᠡᠨ ᠪᠣᠳᠠᠲᠠᠢ ᠠᠬᠢᠴᠠ ᠲᠠᠢ ᠪᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠰᠢᠨ᠎ᠡ ᠪᠠᠷᠭᠤ ᠪᠠᠷᠠᠭᠤᠨ ᠬᠤᠰᠢᠭᠤ ᠲᠥᠷᠥ ᠶᠢᠨ ᠪᠣᠳᠣᠯᠭ᠎ᠠ ᠶᠢᠨ ᠴᠣᠩᠬᠤᠪᠴᠢ ᠬᠤᠭᠤᠴᠠᠭ᠎ᠠ ᠶᠢ ᠡᠵᠡᠮᠳᠡᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠰᠠᠶᠢᠲᠤᠷ ᠬᠡᠷᠡᠭᠯᠡᠵᠦ᠂ ᠪᠠᠲᠤᠯᠠᠭ᠎ᠠ ᠶᠢ ᠴᠢᠩᠭᠠᠳᠬᠠᠨ᠂ ᠣᠷᠴᠢᠨ ᠨᠦᠬᠦᠴᠡᠯ ᠢ ᠰᠢᠯᠢᠳᠡᠭᠵᠢᠭᠦᠯᠵᠦ᠂ ᠦᠢᠯᠡᠴᠢᠯᠡᠭᠡ ᠶᠢ ᠲᠡᠭᠦᠯᠳᠡᠷᠵᠢᠭᠦᠯᠦᠨ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠢ ᠡᠷᠲᠡ ᠡᠬᠢᠯᠡᠭᠦᠯᠬᠦ ᠪᠠ ᠡᠷᠲᠡ ᠪᠠᠶᠢᠭᠤᠯᠵᠤ ᠳᠠᠭᠤᠰᠬᠠᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠡᠯᠪᠡᠷᠢ ᠶᠢ ᠬᠤᠪᠢᠷᠠᠭᠤᠯᠤᠨ ᠬᠥᠭᠵᠢᠬᠦ᠂ ᠪᠣᠬᠢᠷᠲᠤᠯ ᠦᠭᠡᠢ ᠬᠦᠭᠵᠢᠭᠦᠯᠬᠦ ᠪᠠ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃
4.16布2.jpg
      ᠵᠢᠩ ᠤᠣ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠢ ᠭᠦᠢᠴᠡᠳᠭᠡᠭᠴᠢ ᠵᠠᠬᠢᠷᠤᠯ ᠶᠠᠩ ᠠᠢ ᠴᠢᠩ᠂ ᠰᠢᠨ᠎ᠡ ᠪᠠᠷᠭᠤ ᠪᠠᠷᠠᠭᠤᠨ ᠬᠤᠰᠢᠭᠤ ᠣᠷᠣᠨ ᠪᠠᠶᠢᠷᠢ᠂ ᠠᠵᠤ ᠦᠢᠯᠡᠰ᠂ ᠡᠬᠢ ᠪᠠᠶᠠᠯᠢᠭ᠂ ᠲᠥᠷᠥ ᠶᠢᠨ ᠪᠣᠳᠣᠯᠭ᠎ᠠ ᠵᠡᠷᠭᠡ ᠳᠠᠪᠠᠭᠤᠯᠢᠭ ᠲᠤ ᠪᠠᠨ ᠲᠦᠰᠢᠭᠯᠡᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠢᠳᠡᠪᠬᠢᠲᠡᠢ ᠲᠦᠷᠭᠡᠳᠬᠡᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠥᠷᠭᠡᠳᠬᠡᠨ᠂ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠡᠯ᠎ᠡ ᠵᠦᠢᠯ ᠤᠨ ᠬᠡᠯᠡᠯᠴᠡᠭᠡᠷ ᠢ ᠡᠷᠲᠡᠬᠡᠨ ᠨᠠᠶᠢᠳᠠᠪᠤᠷᠢᠵᠢᠭᠤᠯᠵᠤ᠂ ᠲᠥᠷᠥᠯ ᠵᠦᠢᠯ ᠢ ᠲᠦᠷᠭᠡᠬᠡᠨ ᠡᠬᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠤᠯᠠᠮ ᠨᠢᠭᠡ ᠠᠯᠬᠤᠮ ᠴᠢᠳᠠᠮᠵᠢ ᠣᠯᠭᠤᠨ᠎ᠠ ᠭᠡᠵᠦ ᠢᠯᠡᠳᠬᠡᠪᠡ᠃       ᠸᠠᠩ ᠰᠢᠶᠣᠣ ᠹᠧᠢ ᠬᠤᠰᠢᠭᠤᠨ ᠤ ᠵᠠᠰᠠᠭ ᠤᠨ ᠣᠷᠳᠣᠨ ᠤ ᠡᠮᠦᠨ᠎ᠡ ᠠᠴᠠ ᠵᠢᠩ ᠤᠣ ᠨᠡᠷᠡᠨ ᠤ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ︽ᠰᠢᠨ᠎ᠡ ᠡᠨᠧᠷᠭᠢ ᠶᠢᠨ ᠬᠠᠮᠲᠤᠷᠠᠯᠴᠠᠭᠠᠨ ᠤ ᠨᠡᠭᠡᠭᠡᠨ ᠬᠥᠭᠵᠢᠭᠦᠯᠦᠯᠲᠡ ᠶᠢᠨ ᠪᠦᠳᠦᠭᠦᠪᠴᠢ ᠵᠥᠪᠯᠡᠯᠴᠡᠭᠡᠷ︾ ᠢ ᠲᠣᠭᠲᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ