ᠮᠠᠨ ᠤ ᠬᠤᠰᠢᠭᠤ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/16
      ᠥᠨᠥ ᠵᠢᠯ ᠤᠨ 4 ᠰᠠᠷ᠎ᠠ ᠶᠢᠨ 15 ᠤ ᠡᠳᠦᠷ ᠪᠣᠯ ᠶᠢᠰᠦᠳᠡᠬᠢ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠲᠤᠰ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ᠂ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠵᠥᠪᠯᠡᠯ ︽ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ · ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠤᠭᠰᠠᠨ 10 ᠵᠢᠯ ᠤᠨ ᠣᠶ︾ ᠪᠠᠷ ᠭᠤᠣᠯ ᠰᠡᠳᠦᠪ ᠪᠣᠯᠭᠠᠭᠰᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠳᠠᠯᠠᠶᠢᠪᠠᠲᠤ᠂ ᠦ᠋ ᠴᠢᠶᠠᠩ ᠬᠤᠸᠠ᠂ ᠠᠮᠢᠯᠠᠯ᠂ ᠦᠷᠭᠡᠨ᠂ ᠮᠠᠨᠳᠤᠯ᠎ᠠ ᠨᠠᠷ ᠣᠷᠣᠯᠴᠠᠪᠠ᠃
4.16国家安全日宣传.jpg
      ᠠᠵᠢᠯᠯᠠᠭ᠎ᠠ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠣᠭᠲᠠᠭᠤᠨ ᠢ ᠡᠷᠡᠰ ᠬᠠᠮᠠᠭᠠᠯᠠᠬᠤ ᠬᠡᠷᠡᠭᠲᠡᠢ᠃ ᠪᠥᠬᠦ ᠬᠤᠰᠢᠭᠤᠨ ᠤ ᠡᠯ᠎ᠡ ᠭᠤᠣᠯᠳᠠᠯᠭ᠎ᠠ ᠲᠠᠢ ᠬᠦᠷᠢᠶᠡᠨ ᠤ ᠲᠦᠷᠦᠭᠦᠯᠡᠨ ᠬᠠᠷᠢᠭᠤᠴᠠᠬᠤ ᠨᠢᠭᠡᠴᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠭᠠᠵᠠᠷ ᠣᠷᠣᠨ ᠤ ᠲᠣᠰ ᠬᠦᠷᠢᠶᠡᠨ ᠳᠠᠬᠢ ᠤᠯᠤᠰ ᠤᠨ ᠠᠮᠤᠷ ᠲᠦᠪᠰᠢᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠡᠳᠬᠢᠯ ᠳᠡᠭᠡᠨ ᠬᠠᠳᠠᠩᠰᠢᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠦᠨᠡᠨᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠠᠵᠢᠯᠯᠠᠭ᠎ᠠ ᠳᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠨᠠᠷ ︽ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢ ᠠᠬᠢᠭᠤᠯᠵᠤ᠂ ᠤᠯᠤᠰ ᠤᠨ ᠠᠮᠤᠷ ᠲᠦᠪᠰᠢᠨ ᠪᠠ ᠴᠢᠳᠠᠪᠤᠷᠢ ᠶᠢᠨ ᠣᠳᠣᠬᠢᠴᠢᠯᠠᠯᠲᠠ ᠶᠢ ᠡᠷᠡᠰ ᠬᠠᠮᠠᠭᠠᠯᠠᠨ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠬᠦ ᠶᠢᠨ ᠬᠠᠮᠲᠤ᠂ ᠤᠯᠤᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠠᠰᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠪᠠ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ