ᠰᠡᠯᠭᠦᠨ ᠮᠠᠯᠵᠢᠬᠤ ᠳᠦᠷᠢᠮ ᠢ ᠴᠢᠨᠠᠭᠰᠢᠳᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ | ᠲᠥᠯᠥᠭᠡ᠂ ᠣᠶᠢᠷ᠎ᠠ ᠶᠢᠨ ᠡᠳᠦᠷ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠷᠤᠬᠠᠰᠢᠶᠠᠲᠦ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠲᠠᠢ ᠬᠠᠮᠲᠤᠷᠠᠨ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠨ ᠪᠠᠶᠢᠴᠠᠭᠠᠬᠤ ᠠᠵᠢᠯ ᠢ ᠢᠳᠡᠪᠬᠢᠲᠡᠢ | ᠥᠷᠨᠢᠭᠦᠯᠪᠡ᠃ | | | | ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠦᠯᠬᠦᠮᠳᠡᠯ ᠭᠠᠴᠠᠭ᠎ᠠ᠂ ᠪᠠᠶ᠋ᠬᠠᠭᠤᠯᠠ ᠭᠠᠴᠠᠭ᠎ᠠ᠂ ᠬᠦᠳᠡᠯᠮᠦᠷᠢ ᠭᠠᠴᠠᠭ᠎ᠠ ᠪᠠ ᠠᠳᠤᠨᠴᠢᠯᠠᠭᠤ ᠭᠠᠴᠠᠭ᠎ᠠ ᠳᠤ | ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠮᠠᠯᠵᠢᠬᠤ ᠡᠷᠦᠭᠡ ᠶᠢᠨ ᠰᠡᠯᠭᠦᠨ ᠮᠠᠯᠵᠢᠵᠤ ᠪᠠᠶᠢᠭ᠎ᠠ ᠪᠠᠶᠢᠳᠠᠯ ᠢ ᠨᠠᠷᠢᠯᠢᠭ ᠱᠠᠯᠠᠪᠳᠠᠨ ᠪᠠᠶᠢᠴᠠᠭᠠᠪᠠ᠃ | ᠮᠠᠯᠵᠢᠬᠤ ᠡᠷᠦᠬᠡ ᠲᠣᠭᠲᠠᠭᠠᠯ ᠠᠴᠠ ᠵᠥᠷᠢᠴᠡᠨ ᠮᠠᠯᠵᠢᠵᠤ ᠪᠠᠶᠢᠬᠤ ᠡᠰᠡᠬᠦ᠂ ᠮᠠᠯ ᠤᠨ ᠠᠵᠢᠯᠯᠠᠭᠠᠨ ᠤ ᠲᠠᠯᠠᠪᠤᠷ ᠤᠨ ᠲᠣᠬᠢᠷᠠᠭᠤᠯᠤᠯᠲᠠ ᠨᠢ ᠲᠣᠭᠲᠠᠭᠠᠯ ᠳᠤ | ᠨᠡᠶᠢᠴᠡᠬᠦ ᠡᠰᠡᠬᠦ ᠵᠡᠷᠭᠡ ᠪᠠᠶᠢᠳᠠᠯ ᠢ ᠪᠠᠶᠢᠴᠠᠭᠠᠬᠤ ᠶᠢᠨ ᠬᠠᠮᠲᠤ᠂ ᠡᠪᠡᠰᠦ ᠪᠣᠷᠳᠣᠭᠠᠨ ᠤ ᠨᠦᠬᠡᠴᠡ᠂ ᠮᠠᠰᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ | ᠢ ᠨᠠᠷᠢᠯᠢᠭ ᠣᠶᠢᠯᠠᠭᠠᠪᠠ᠃ ᠲᠠᠷᠠᠭ᠎ᠠ ᠨᠢ᠂ ᠡᠷᠤᠭᠡ ᠳᠤ ᠬᠦᠷᠴᠦ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ | ᠮᠠᠯᠵᠢᠬᠤ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠮᠠᠯᠵᠢᠬᠤ ᠡᠷᠤᠭᠡ ᠳᠤ ᠬᠠᠪᠤᠷ ᠤᠨ | ᠤᠯᠠᠷᠢᠯ ᠳᠤ ᠰᠡᠯᠭᠦᠨ ᠮᠠᠯᠵᠢᠬᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠮᠠᠯᠴᠢᠳ ᠤᠨ ᠦᠵᠡᠯᠲᠡ ᠲᠠᠨᠢᠯᠲᠠ ᠶᠢ ᠴᠢᠷᠮᠠᠶᠢᠨ | ᠳᠡᠭᠡᠭᠰᠢᠯᠡᠭᠦᠯᠪᠡ᠃ | | | | ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ | ᠪᠡᠯᠴᠢᠭᠡᠷᠯᠡᠭᠦᠯᠬᠦ ᠶᠢ ᠵᠣᠭᠰᠣᠭᠠᠬᠤ ᠰᠡᠯᠭᠦᠨ ᠮᠠᠯᠵᠢᠬᠤ ᠠᠵᠢᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠦᠷᠬᠦᠯᠵᠢᠯᠡᠨ | ᠴᠢᠩᠭᠠᠷᠠᠭᠤᠯᠵᠤ᠂ ᠡᠯ᠎ᠡ ᠰᠤᠮᠤ ᠪᠠᠯᠭᠠᠰᠤ ᠲᠠᠢ ᠬᠠᠮᠲᠤᠷᠠᠨ ᠰᠡᠯᠭᠦᠨ ᠮᠠᠯᠵᠢᠬᠤ ᠣᠷᠣᠨ ᠳᠤ ᠡᠳᠦᠷ ᠲᠤᠲᠤᠮ ᠤᠨ ᠪᠠᠶᠢᠴᠠᠭᠠᠯᠲᠠ ᠬᠢᠵᠦ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠬᠢᠬᠦ ᠶᠢ ᠴᠢᠩᠭᠠᠳᠬᠠᠵᠤ᠂ ᠥᠷᠭᠡᠨ | ᠣᠯᠠᠨ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠤᠯᠵᠤ᠂ ᠲᠣᠭᠲᠠᠭᠠᠯ ᠠᠴᠠ ᠵᠥᠷᠢᠴᠡᠨ | ᠮᠠᠯᠵᠢᠬᠤ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ | ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ | ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | | |