ᠮᠠᠨ ᠤ ᠬᠤᠰᠢᠭᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/4/16
      ᠣᠷᠣᠰᠢᠭᠤᠯᠭ᠎ᠠ ᠶᠢᠨ ᠥᠭᠡᠷᠡᠴᠢᠯᠡᠯᠲᠡ ᠪᠣᠯ ᠮᠢᠩᠭᠠᠨ ᠣᠨ ᠤ ᠮᠠᠭᠤ ᠳᠠᠳᠬᠠᠯ ᠢ ᠡᠪᠳᠡᠵᠦ᠂ ᠣᠳᠣᠬᠢᠴᠢᠯᠠᠭᠰᠠᠨ ᠰᠢᠨ᠎ᠡ ᠰᠤᠷᠲᠠᠯ ᠢ ᠪᠤᠶ ᠪᠣᠯᠭᠠᠬᠤ ᠠᠷᠠᠳ ᠤᠨ ᠠᠮᠢᠳᠤᠷᠠᠯ ᠤᠨ ᠠᠰᠠᠭᠤᠳᠠᠯ ᠮᠥᠨ᠂ ᠪᠣᠬᠢᠷᠲᠤᠯ ᠦᠭᠡᠢ ᠣᠷᠣᠰᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠲᠡᠢ ᠠᠷᠭ᠎ᠠ ᠬᠡᠮᠵᠢᠶ᠎ᠡ ᠪᠠ ᠴᠢᠬᠤᠯᠠ ᠠᠷᠭ᠎ᠠ ᠵᠠᠮ ᠮᠥᠨ᠂ ᠪᠠᠰᠠ ᠴᠤ ᠠᠮᠢ ᠠᠬᠤᠢ ᠶᠢᠨ ᠪᠣᠯᠪᠠᠰᠤᠨ ᠪᠠᠶᠢᠭᠠᠯᠢ ᠶᠢᠨ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃       ᠰᠢᠨ᠎ᠡ ᠪᠠᠷᠭᠤ ᠪᠠᠷᠠᠭᠤᠨ ᠬᠤᠰᠢᠭᠤ 1960 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠣᠩᠭᠤᠨ ᠢ ᠪᠠᠶᠢᠭᠤᠯᠬᠤ ᠪᠠᠷ ᠲᠥᠯᠥᠪᠯᠡᠵᠦ᠂ ᠣᠲᠣ ᠪᠣᠯᠲᠠᠯ᠎ᠠ ᠨᠢᠭᠡᠨᠲᠡ 167 ᠲᠦᠮᠡᠨ ᠲᠥᠭᠦᠷᠢᠭ ᠤᠨ ᠪᠡᠯᠡ ᠮᠥᠩᠭᠦ ᠰᠠᠯᠭᠠᠨ ᠥᠭᠪᠡ᠃ ᠡᠨᠡ ᠬᠦ ᠲᠦᠷᠦᠯ ᠵᠦᠢᠯ ᠢ ᠬᠡᠷᠡᠭᠵᠢᠭᠦᠯᠦᠭᠰᠡᠨ ᠨᠢ ᠰᠢᠨ᠎ᠡ ᠪᠠᠷᠭᠤ ᠪᠠᠷᠠᠭᠤᠨ ᠬᠤᠰᠢᠭᠤᠨ ᠳᠤ ᠲᠣᠭᠲᠠᠭᠰᠠᠨ ᠣᠷᠣᠰᠢᠭᠤᠯᠭ᠎ᠠ ᠶᠢᠨ ᠭᠠᠵᠠᠷ ᠪᠠᠶᠢᠬᠤ ᠦᠭᠡᠢ ᠠᠰᠠᠭᠤᠳᠠᠯ ᠢ ᠰᠢᠢᠳᠪᠦᠷᠢᠯᠡᠵᠦ᠂ ᠮᠥᠨ ᠴᠦ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠳᠤ ᠠᠬᠢᠭᠤᠯᠬᠤ ᠦᠢᠯᠡᠳᠦᠯ ᠦᠵᠡᠭᠦᠯᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ