ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠷᠤᠬᠠᠰᠢᠶᠠᠲᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠨ ᠪᠠᠶᠢᠴᠠᠭᠠᠪᠠ
ᠨᠡᠶᠢᠲᠡᠯᠡᠭᠰᠡᠨ ᠴᠠᠭ᠄
2024/4/16
      ᠰᠡᠯᠭᠦᠨ ᠮᠠᠯᠵᠢᠬᠤ ᠳᠦᠷᠢᠮ ᠢ ᠴᠢᠨᠠᠭᠰᠢᠳᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠷᠤᠬᠠᠰᠢᠶᠠᠲᠦ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ᠂ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠨ ᠪᠠᠶᠢᠴᠠᠭᠠᠬᠤ ᠠᠵᠢᠯ ᠢ ᠢᠳᠡᠪᠬᠢᠲᠡᠢ ᠥᠷᠨᠢᠭᠦᠯᠪᠡ᠃
4.16林草1.jpg
      ᠱᠠᠯᠠᠪᠳᠠᠨ ᠪᠠᠶᠢᠴᠠᠭᠠᠬᠤ ᠳᠤᠭᠤᠶᠢᠯᠠᠩ ᠤᠨ ᠬᠢᠨ ᠪᠦᠯᠬᠦᠮᠳᠡᠯ ᠭᠠᠴᠠᠭ᠎ᠠ᠂ ᠪᠠᠶ᠋ᠬᠠᠭᠤᠯᠠ ᠭᠠᠴᠠᠭ᠎ᠠ᠂ ᠬᠦᠳᠡᠯᠮᠦᠷᠢ ᠭᠠᠴᠠᠭ᠎ᠠ ᠪᠠ ᠠᠳᠤᠨᠴᠢᠯᠠᠭᠤ ᠭᠠᠴᠠᠭ᠎ᠠ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠤᠷᠪᠤᠯᠵᠢᠯᠠᠵᠤ᠂ ᠮᠠᠯᠵᠢᠬᠤ ᠡᠷᠦᠭᠡ ᠶᠢᠨ ᠰᠡᠯᠭᠦᠨ ᠮᠠᠯᠵᠢᠵᠤ ᠪᠠᠶᠢᠭ᠎ᠠ ᠪᠠᠶᠢᠳᠠᠯ ᠢ ᠨᠠᠷᠢᠯᠢᠭ ᠱᠠᠯᠠᠪᠳᠠᠨ ᠪᠠᠶᠢᠴᠠᠭᠠᠪᠠ᠃ ᠮᠠᠯᠵᠢᠬᠤ ᠡᠷᠦᠬᠡ ᠲᠣᠭᠲᠠᠭᠠᠯ ᠠᠴᠠ ᠵᠥᠷᠢᠴᠡᠨ ᠮᠠᠯᠵᠢᠵᠤ ᠪᠠᠶᠢᠬᠤ ᠡᠰᠡᠬᠦ᠂ ᠮᠠᠯ ᠤᠨ ᠠᠵᠢᠯᠯᠠᠭᠠᠨ ᠤ ᠲᠠᠯᠠᠪᠤᠷ ᠤᠨ ᠲᠣᠬᠢᠷᠠᠭᠤᠯᠤᠯᠲᠠ ᠨᠢ ᠲᠣᠭᠲᠠᠭᠠᠯ ᠳᠤ ᠨᠡᠶᠢᠴᠡᠬᠦ ᠡᠰᠡᠬᠦ ᠵᠡᠷᠭᠡ ᠪᠠᠶᠢᠳᠠᠯ ᠢ ᠪᠠᠶᠢᠴᠠᠭᠠᠬᠤ ᠶᠢᠨ ᠬᠠᠮᠲᠤ᠂ ᠡᠪᠡᠰᠦ ᠪᠣᠷᠳᠣᠭᠠᠨ ᠤ ᠨᠦᠬᠡᠴᠡ᠂ ᠮᠠᠰᠢᠨ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ  ᠢ ᠨᠠᠷᠢᠯᠢᠭ ᠣᠶᠢᠯᠠᠭᠠᠪᠠ᠃ ᠲᠠᠷᠠᠭ᠎ᠠ ᠨᠢ᠂ ᠡᠷᠤᠭᠡ ᠳᠤ ᠬᠦᠷᠴᠦ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠠᠵᠢᠯ ᠤᠨ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠮᠠᠯᠵᠢᠬᠤ ᠡᠷᠤᠭᠡ ᠳᠤ ᠬᠠᠪᠤᠷ ᠤᠨ ᠤᠯᠠᠷᠢᠯ ᠳᠤ ᠰᠡᠯᠭᠦᠨ ᠮᠠᠯᠵᠢᠬᠤ ᠶᠢ ᠬᠡᠷᠡᠭᠵᠢᠭᠦᠯᠬᠦ ᠶᠢᠨ ᠴᠢᠬᠤᠯᠠ ᠴᠢᠨᠠᠷ ᠢ ᠲᠠᠶᠢᠯᠪᠤᠷᠢᠯᠠᠨ ᠥᠭᠴᠦ᠂ ᠮᠠᠯᠴᠢᠳ ᠤᠨ ᠦᠵᠡᠯᠲᠡ ᠲᠠᠨᠢᠯᠲᠠ ᠶᠢ ᠴᠢᠷᠮᠠᠶᠢᠨ ᠳᠡᠭᠡᠭᠰᠢᠯᠡᠭᠦᠯᠪᠡ᠃
4.16林草2.jpg
      ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠰᠡᠯᠭᠦᠨ ᠮᠠᠯᠵᠢᠬᠤ ᠠᠵᠢᠯ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠤ᠂ ᠡᠯ᠎ᠡ ᠰᠤᠮᠤ ᠪᠠᠯᠭᠠᠰᠤ ᠲᠠᠢ ᠬᠠᠮᠲᠤᠷᠠᠨ ᠰᠡᠯᠭᠦᠨ ᠮᠠᠯᠵᠢᠬᠤ ᠣᠷᠣᠨ ᠳᠤ ᠡᠳᠦᠷ ᠲᠤᠲᠤᠮ ᠤᠨ ᠪᠠᠶᠢᠴᠠᠭᠠᠯᠲᠠ ᠬᠢᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠬᠢᠬᠦ ᠶᠢ ᠴᠢᠩᠭᠠᠳᠬᠠᠵᠤ᠂ ᠥᠷᠭᠡᠨ ᠣᠯᠠᠨ ᠮᠠᠯᠴᠢᠨ ᠲᠦᠮᠡᠨ ᠢ ᠬᠥᠲᠥᠯᠥᠨ ᠵᠢᠯᠤᠭᠤᠳᠴᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠤᠯᠵᠤ᠂ ᠲᠣᠭᠲᠠᠭᠠᠯ ᠠᠴᠠ ᠵᠥᠷᠢᠴᠡᠨ ᠮᠠᠯᠵᠢᠬᠤ ᠦᠵᠡᠭᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠤᠨ ᠤᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠲᠠᠯᠪᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ