ᠴᠠᠩ ᠴᠢᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/17
      4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠶᠠᠷᠢᠶ᠎ᠠ ᠵᠢᠴᠢ ᠳᠡᠭᠡᠳᠦ ᠱᠠᠲᠤᠨ ᠤ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠵᠥᠪᠯᠡᠬᠦ ᠰᠡᠳᠦᠪ ᠢ ᠰᠤᠳᠤᠯᠤᠨ ᠬᠢᠨᠠᠨ ᠵᠥᠪᠯᠡᠪᠡ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠠᠢ ᠴᠦᠨ ᠮᠧᠶ᠂ ᠥᠷᠭᠡᠨ᠂ ᠵᠧᠦ ᠬᠠᠢ ᠯᠢᠩ᠂ ᠢᠦᠢ ᠵᠥᠩ ᠯᠧᠢ ᠬᠤᠷᠠᠯ ᠳᠤ ᠣᠷᠣᠯᠴᠠᠪᠠ᠃
4.17常青.jpg
      ᠴᠠᠩ ᠴᠢᠩ᠂ ᠬᠢᠯᠢ ᠬᠢᠵᠠᠭᠠᠷ ᠤᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠪᠣᠯᠣᠭᠰᠠᠨ ᠤ ᠬᠤᠪᠢ ᠳᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠬᠤ ᠶᠢ ᠢᠮᠠᠭᠲᠠ ᠪᠠᠷᠢᠮᠲᠠᠯᠠᠨ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠪᠠᠲᠤᠳᠬᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠬᠠᠮᠠᠭᠠᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠴᠠᠩ ᠴᠢᠩ᠂ ︽ᠨᠢᠭᠡ ᠭᠤᠣᠯ ᠰᠢᠵᠢᠮ︾ ᠢ ᠬᠦᠴᠦ ᠪᠠᠨ ᠲᠥᠪᠯᠡᠷᠡᠭᠦᠯᠦᠨ ᠲᠤᠤᠱᠯᠠᠭᠤᠯᠵᠤ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠦᠨ᠂ ᠰᠡᠳᠬᠢᠮᠵᠢ ᠶᠢ ᠭᠦᠨᠵᠡᠭᠡᠶᠢᠷᠡᠭᠦᠯᠦᠨ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ︽ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠤᠯᠲᠠ ᠶᠢᠨ ᠬᠠᠤᠯᠢ︾ ᠶᠢ ᠰᠤᠷᠤᠯᠴᠠᠬᠤ ᠶᠢ ᠺᠠᠳ᠋ᠷ ᠠᠵᠢᠯᠲᠠᠳ ᠤᠨ ᠮᠡᠳᠡᠪᠡᠰᠦ ᠵᠣᠬᠢᠬᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠳᠣᠷᠬᠠᠢ ᠬᠠᠭᠤᠳᠠᠰᠤ ᠪᠣᠯᠭᠠᠵᠤ᠂ ᠡᠯ᠎ᠡ ᠪᠠᠶᠢᠭᠤᠯᠭ᠎ᠠ ᠨᠢᠭᠡᠴᠡ ᠶᠢᠨ ᠬᠠᠤᠯᠢ ᠰᠤᠷᠤᠯᠴᠠᠬᠤ ᠴᠢᠬᠤᠯᠠ ᠠᠭᠤᠯᠭ᠎ᠠ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠷᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠠᠬᠢᠭᠤᠯᠵᠤ᠂ ᠴᠢᠩᠭ᠎ᠠ ᠲᠣᠳᠣᠷᠬᠠᠢ ᠰᠠᠬᠢᠯᠭ᠎ᠠ ᠪᠠᠲᠤ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠦᠢᠯᠡ ᠠᠵᠢᠯᠯᠠᠭ᠎ᠠ ᠪᠠᠨ ᠨᠢᠭᠡᠳᠬᠡᠬᠦ᠂ ᠣᠨᠣᠯ ᠦᠢᠯᠡᠳᠦᠯᠭᠡ ᠶᠢ ᠣᠶᠢᠯᠠᠭᠠᠨ ᠬᠢᠬᠦ᠂ ᠵᠠᠷᠯᠢᠭ ᠴᠠᠭᠠᠵᠠ ᠶᠢ ᠲᠠᠭᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ