ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/17
      2024 ᠣᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠂ 4 ᠰᠠᠷ᠎ᠠ ᠶᠢᠨ 15 ᠤ ᠡᠳᠦᠷ ᠪᠣᠯ ᠶᠢᠰᠦᠳᠡᠬᠢ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠭᠦᠨᠵᠡᠭᠡᠢ ᠲᠤᠤᠱᠯᠠᠭᠤᠯᠤᠨ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠪᠡ᠃
4.17政办.jpg
      4 ᠰᠠᠷ᠎ᠠ ᠶᠢᠨ 15 ᠤ ᠡᠳᠦᠷ᠂ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠠᠴᠠ ᠬᠤᠰᠢᠭᠤᠨ ᠤ ︽4 · 15︾ ᠤ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠡᠬᠢᠯᠡᠯᠲᠡ ᠶᠢᠨ ᠠᠵᠢᠯᠯᠠᠭ᠎ᠠ ᠵᠢᠴᠢ ᠪᠣᠯᠪᠠᠰᠤᠷᠠᠯ ᠳᠤ ᠲᠦᠷᠦᠭᠦᠯᠡᠨ ᠣᠷᠣᠯᠴᠠᠪᠠ᠃ 4 ᠰᠠᠷ᠎ᠠ ᠶᠢᠨ 16 ᠤ ᠡᠳᠦᠷ᠂ ᠪᠦᠬᠦ ᠺᠠᠳ᠋ᠷ ᠠᠵᠢᠯᠲᠠᠳ ᠢ ᠵᠣᠬᠢᠶᠠᠨ ᠪᠠᠶᠢᠭᠤᠯᠤᠨ ᠤᠯᠤᠰ ᠤᠨ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠰᠢᠨ᠎ᠡ ᠶᠢ ᠡᠭᠦᠳᠬᠦ ᠪᠠᠷ ᠬᠦᠲᠦᠯᠦᠨ ᠳᠠᠭᠠᠭᠤᠯᠬᠤ · ᠤᠯᠤᠰ ᠤᠨ ᠠᠮᠤᠷ ᠲᠦᠪᠰᠢᠨ ᠤ ᠬᠤᠷᠴᠠ ᠰᠡᠯᠡᠮ᠎ᠡ︾ ︽ᠤᠯᠤᠰ ᠤᠨ ᠠᠮᠤᠷ ᠲᠦᠪᠰᠢᠨ ᠠᠷᠠᠳ ᠲᠦᠮᠡᠨ ᠤ ᠲᠥᠯᠥᠭᠡ ᠪᠠᠶᠢᠵᠤ᠂ ᠠᠯᠢᠪᠠ ᠪᠦᠬᠦᠨ ᠠᠷᠠᠳ ᠲᠦᠮᠡᠨ ᠳᠤ ᠲᠦᠰᠢᠭᠯᠡᠨ᠎ᠡ︾ ᠭᠡᠬᠦ ᠺᠢᠨᠣ᠋ ᠶᠢ ᠦᠵᠡᠭᠦᠯᠵᠦ᠂ ᠪᠦᠬᠦ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠨᠠᠭᠰᠢᠳᠠ ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠴᠢᠩᠭᠠᠳᠬᠠᠪᠠ᠃       ᠲᠠᠷᠠᠭᠠᠴᠢ ᠶᠢᠨ ᠠᠯᠬᠤᠮ ᠳᠤ᠂ ᠵᠠᠰᠠᠭ ᠤᠨ ᠣᠷᠳᠣᠨ ᠤ ᠠᠯᠪᠠᠨ ᠭᠡᠷ ᠢᠮᠠᠭᠲᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢ ᠴᠢᠬᠤᠯᠠ ᠪᠠᠶᠢᠷᠢᠨ ᠳᠤ ᠲᠠᠯᠪᠢᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠨ ᠠᠷᠢᠯᠭᠠᠵᠤ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠬᠦᠭᠵᠢᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ