ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 82 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠥᠬᠡᠪᠠᠶᠠᠷ ᠤᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶ᠎ᠠ ᠶᠢᠨ 82 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠴᠧᠨ ᠯᠦᠩ᠂ ᠵᠠᠩ ᠲᠤᠸ᠂ ᠳᠠᠯᠠᠶᠢᠪᠠᠲᠤ᠂ ᠪᠠᠢ ᠴᠦᠨ ᠮᠧᠶ᠂ ᠯᠢ ᠵᠢᠶᠠᠨ᠂ ᠳ᠋ᠢᠩ ᠸᠠᠨ ᠶᠦᠩ᠂ ᠦ᠋ ᠴᠢᠶᠠᠩ ᠬᠤᠸᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠡᠰᠡᠭ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃       ᠬᠤᠷᠠᠯ ᠠᠴᠠ ︽ᠪᠦᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠪᠥᠬᠦ ᠬᠤᠰᠢᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠯᠤᠰ ᠲᠦᠷᠦ ᠶᠢᠨ ᠴᠢᠭᠯᠡᠯ ᠢ ᠭᠦᠨᠵᠡᠭᠡᠢ ᠡᠵᠡᠮᠳᠡᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠲᠥᠯᠥᠪᠵᠢᠭᠦᠯᠦᠨ ᠬᠤᠯᠪᠤᠭᠠᠯᠠᠨ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ︔ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠰᠡᠷᠡᠮᠵᠢᠯᠡᠭᠦᠯᠬᠦ ᠬᠥᠮᠦᠵᠢᠯ ᠢᠶᠠᠷ ᠳᠠᠮᠵᠢᠭᠤᠯᠤᠨ ᠰᠦᠷᠳᠡᠭᠦᠯᠬᠦ ᠪᠠ ᠰᠡᠷᠡᠮᠵᠢᠯᠡᠭᠦᠯᠬᠦ ᠬᠠᠨᠳᠤᠯᠭᠠᠲᠤ ᠴᠢᠨᠠᠷ᠂ ᠨᠠᠷᠢᠯᠢᠭ ᠣᠨᠣᠪᠴᠢᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠰᠡᠷᠡᠮᠵᠢᠯᠡᠭᠦᠯᠬᠦ᠂ ᠬᠤᠷᠢᠭ᠎ᠠ ᠱᠤᠭᠤᠮ ᠢ ᠲᠣᠳᠣᠷᠬᠠᠶᠢᠯᠠᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠶᠢᠨ ᠤᠳᠤᠷᠢᠳᠤᠮᠵᠢ ᠶᠢ ᠭᠦᠨᠵᠡᠭᠡᠢ ᠡᠵᠡᠮᠳᠡᠬᠦ ᠬᠡᠷᠡᠭᠲᠡᠢ᠃ ᠵᠠᠷᠢᠮ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠳᠤ ᠰᠠᠨᠠᠭ᠎ᠠ ᠲᠠᠯᠪᠢᠬᠤ ᠦᠭᠡᠢ᠂ ᠣᠶᠢᠯᠠᠭᠠᠬᠤ ᠦᠭᠡᠢ ᠪᠠ ᠡᠵᠡᠮᠰᠢᠬᠦ ᠦᠭᠡᠢ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠦᠪᠯᠡᠷᠡᠭᠦᠯᠬᠦ ᠬᠡᠷᠡᠭᠲᠡᠢ︔ ᠨᠠᠮ ᠢ ᠬᠠᠮᠢᠶᠠᠷᠴᠤ ᠨᠠᠮ ᠢ ᠵᠠᠰᠠᠬᠤ ᠳᠤᠮᠳᠠᠬᠢ ᠨᠠᠮ ᠤᠨ ᠰᠠᠬᠢᠯᠭ᠎ᠠ ᠪᠠᠲᠤ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠬᠠᠮᠲᠤ ᠳᠤᠨᠢ ᠠᠳᠬᠤᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠢᠯᠡᠳᠦᠯᠭᠡ ᠶᠢᠨ ᠴᠢᠭᠯᠡᠯ ᠢ ᠭᠦᠨᠵᠡᠭᠡᠢ ᠡᠵᠡᠮᠳᠡᠬᠦ ᠬᠡᠷᠡᠭᠲᠡᠢ᠃ ᠭᠤᠣᠯ ᠠᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡᠳᠦᠯᠲᠡᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠬᠤᠶᠠᠷ ᠲᠠᠯ᠎ᠠ ᠪᠠᠷ ᠠᠳᠬᠤᠵᠤ᠂ ᠬᠤᠶᠠᠷ ᠲᠠᠯ᠎ᠠ ᠪᠠᠷ ᠠᠬᠢᠭᠤᠯᠬᠤ ᠬᠡᠷᠡᠭᠲᠡᠢ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠨ᠂ ᠦᠨᠡᠨᠬᠦ ᠠᠳᠬᠤᠵᠤ ᠪᠣᠳᠠᠲᠠᠢ ᠪᠠᠷ ᠠᠵᠢᠯᠯᠠᠬᠤ ᠶᠢ ᠪᠠᠷᠢᠮᠲᠠᠯᠠᠵᠤ᠂ ᠠᠵᠢᠯ ᠬᠢᠵᠦ ᠦᠢᠯᠡᠰ ᠴᠣᠭᠴᠠᠯᠠᠬᠤ ᠬᠡᠪ ᠰᠤᠷᠲᠠᠯ ᠢ ᠲᠠᠰᠤᠷᠠᠯᠲᠠ ᠦᠭᠡᠢ ᠵᠠᠰᠠᠨ ᠵᠠᠯᠠᠷᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠢ ᠶᠢ ᠪᠠᠬᠢᠵᠢᠭᠦᠯᠦᠨ ᠬᠦᠭᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠᠷᠠᠭᠳᠠᠰᠢ ᠦᠭᠡᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ