4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠲᠥᠪ ᠲᠤ ᠬᠦᠷᠴᠦ ᠬᠠᠪᠤᠷ ᠤᠨ ᠤᠯᠠᠷᠢᠯ ᠤᠨ ᠣᠶ ᠰᠢᠭᠤᠢ ᠪᠠ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠪᠠᠢ ᠴᠦᠨ ᠮᠧᠢ᠂ ᠵᠧᠦ ᠬᠠᠢ ᠯᠢᠩ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | | | | ᠴᠠᠩ ᠴᠢᠩ᠂ ᠣᠳᠣᠬᠠᠨ ᠳᠤ ᠠᠭᠠᠷ ᠤᠨ ᠳᠤᠯᠠᠭᠠᠨ ᠳᠡᠭᠡᠭᠰᠢᠯᠡᠵᠦ᠂ ᠶᠡᠭᠡ ᠰᠠᠯᠬᠢ ᠲᠠᠢ ᠡᠳᠦᠷ ᠣᠯᠠᠰᠢᠷᠠᠵᠤ᠂ ᠪᠥᠬᠦ ᠬᠤᠰᠢᠭᠤᠨ ᠤ ᠣᠶ ᠰᠢᠭᠤᠢ ᠪᠠ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠃ ᠵᠢᠵᠢᠭᠦᠷᠯᠡᠨ ᠰᠠᠬᠢᠬᠤ ᠶᠢ ᠤᠯᠠᠮ ᠨᠢᠭᠡ | ᠠᠯᠬᠤᠮ ᠴᠢᠩᠭᠠᠳᠬᠠᠵᠤ᠂ ᠤᠳᠤᠷᠢᠳᠤᠯᠭ᠎ᠠ ᠶᠢᠨ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠡᠳᠡᠭᠡ ᠵᠠᠩᠭᠢ ᠶᠢ ᠰᠠᠭᠠᠳ ᠦᠭᠡᠢ | ᠨᠡᠪᠲᠡᠷᠡᠭᠦᠯᠬᠦ᠂ ᠴᠠᠭ ᠲᠤᠬᠠᠢ ᠳᠤᠨᠢ ᠮᠡᠳᠡᠭᠦᠯᠬᠦ᠂ ᠡᠷᠴᠢᠮᠲᠡᠢ ᠰᠢᠢᠳᠪᠦᠷᠢᠯᠡᠬᠦ ᠶᠢ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ | ᠤᠨᠲᠠᠷᠠᠭᠠᠬᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ ᠪᠠ ᠴᠠᠭ ᠬᠤᠭᠤᠴᠠᠭ᠎ᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ | ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠭᠠᠯ ᠤᠨᠲᠠᠷᠠᠭᠠᠬᠤ ᠡᠩᠨᠡᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ | ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠪᠠ ᠬᠥᠮᠥᠨ ᠬᠠᠷ᠎ᠠ ᠦᠬᠦᠵᠦ | ᠰᠢᠷᠬᠠᠲᠤᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃ | ᠴᠠᠩ ᠴᠢᠩ ᠂ ︽5.1︾ ᠤ ᠠᠮᠠᠷᠠᠯᠲᠠ ᠶᠢᠨ ᠬᠤᠭᠤᠴᠠᠭ᠎ᠠ ᠪᠣᠯᠬᠤ ᠭᠡᠵᠦ ᠪᠠᠶᠢᠨ᠎ᠠ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ | ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠶᠠᠮᠠᠷᠪᠠ ᠦᠶ᠎ᠡ ᠳᠤ ᠴᠦ ᠭᠡᠰᠡᠨ ᠮᠢᠨᠴᠦᠭᠦᠷᠡᠨ ᠰᠤᠯᠠᠷᠠᠵᠤ ᠪᠣᠯᠬᠤ ᠦᠭᠡᠢ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠶ᠎ᠠ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠠᠷᠠᠳ ᠣᠯᠠᠨ ᠤ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | |