ᠴᠠᠩ ᠴᠢᠩ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 17 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠠᠵᠢᠯ ᠤᠨ ᠵᠢᠯᠤᠭᠤᠳᠬᠤ ᠲᠥᠪ ᠲᠤ ᠬᠦᠷᠴᠦ ᠬᠠᠪᠤᠷ ᠤᠨ ᠤᠯᠠᠷᠢᠯ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠪᠠᠢ ᠴᠦᠨ ᠮᠧᠢ᠂ ᠵᠧᠦ ᠬᠠᠢ ᠯᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
4.18常青.jpg
      ᠴᠠᠩ ᠴᠢᠩ᠂ ᠣᠳᠣᠬᠠᠨ ᠳᠤ ᠠᠭᠠᠷ ᠤᠨ ᠳᠤᠯᠠᠭᠠᠨ ᠳᠡᠭᠡᠭᠰᠢᠯᠡᠵᠦ᠂ ᠶᠡᠭᠡ ᠰᠠᠯᠬᠢ ᠲᠠᠢ ᠡᠳᠦᠷ ᠣᠯᠠᠰᠢᠷᠠᠵᠤ᠂ ᠪᠥᠬᠦ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠃ ᠵᠢᠵᠢᠭᠦᠷᠯᠡᠨ ᠰᠠᠬᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠳᠤᠷᠢᠳᠤᠯᠭ᠎ᠠ ᠶᠢᠨ ᠵᠢᠵᠢᠭᠦᠷ ᠳᠠᠭᠠᠭᠤᠯᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ᠂ ᠴᠠᠭ ᠲᠤᠬᠠᠢ ᠳᠤᠨᠢ ᠮᠡᠳᠡᠭᠦᠯᠬᠦ᠂ ᠡᠷᠴᠢᠮᠲᠡᠢ ᠰᠢᠢᠳᠪᠦᠷᠢᠯᠡᠬᠦ ᠶᠢ ᠪᠡᠶᠡᠯᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠣᠷᠣᠨ ᠪᠦᠰᠡ ᠪᠠ ᠴᠠᠭ ᠬᠤᠭᠤᠴᠠᠭ᠎ᠠ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠭᠠᠯ ᠤᠨᠲᠠᠷᠠᠭᠠᠬᠤ ᠡᠩᠨᠡᠭᠡ ᠶᠢᠨ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠪᠠ ᠬᠥᠮᠥᠨ ᠬᠠᠷ᠎ᠠ ᠦᠬᠦᠵᠦ ᠰᠢᠷᠬᠠᠲᠤᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃       ᠴᠠᠩ ᠴᠢᠩ ᠂ ︽5.1︾ ᠤ ᠠᠮᠠᠷᠠᠯᠲᠠ ᠶᠢᠨ ᠬᠤᠭᠤᠴᠠᠭ᠎ᠠ ᠪᠣᠯᠬᠤ ᠭᠡᠵᠦ ᠪᠠᠶᠢᠨ᠎ᠠ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠶᠠᠮᠠᠷᠪᠠ ᠦᠶ᠎ᠡ ᠳᠤ ᠴᠦ ᠭᠡᠰᠡᠨ ᠮᠢᠨᠴᠦᠭᠦᠷᠡᠨ ᠰᠤᠯᠠᠷᠠᠵᠤ ᠪᠣᠯᠬᠤ ᠦᠭᠡᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠦᠨᠡᠨᠬᠦ ᠪᠠᠲᠤ ᠡᠭᠦᠷᠭᠡᠯᠡᠵᠦ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨᠬᠦ ᠪᠣᠳᠠᠲᠠᠶᠢᠵᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ