ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/18
      4 ᠰᠠᠷ᠎ᠠ ᠶᠢᠨ 16 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ ︶ ᠤᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠬᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠪᠥᠬᠦ ᠨᠠᠮ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠶᠢᠨ ︽ᠪᠥᠬᠦ ᠬᠤᠰᠢᠭᠤᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠬᠤ ᠶᠢᠨ ᠬᠠᠮᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠤᠰᠬᠠᠢ ᠰᠡᠳᠦᠪ ᠢᠶᠠᠷ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠪᠤᠰᠤᠳ ᠪᠠᠭ ᠤᠨ ᠪᠦᠷᠢᠯᠳᠦᠭᠦᠨ ᠪᠠ ᠨᠠᠮ ᠤᠨ ᠭᠡᠰᠢᠭᠦᠳ᠂ ᠺᠠᠳ᠋ᠷ ᠠᠵᠢᠯᠲᠠᠳ ᠬᠤᠷᠠᠯ ᠳᠤ ᠰᠤᠯᠠ ᠣᠷᠣᠯᠴᠠᠪᠠ᠃
4.17政办.jpg
      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠥᠬᠦ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠬᠦᠲᠦᠯᠦᠨ ᠳᠠᠭᠠᠭᠤᠯᠬᠤ ᠦᠢᠯᠡᠳᠦᠯ ᠢ ᠦᠨᠡᠨᠬᠦ ᠪᠠᠳᠠᠷᠠᠭᠤᠯᠤᠨ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠥᠨᠳᠥᠷ ᠱᠠᠭᠠᠷᠳᠠᠯᠭ᠎ᠠ ᠥᠨᠳᠥᠷ ᠪᠠᠷᠢᠮᠵᠢᠶ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ︽ᠰᠠᠶᠢᠲᠤᠷ ᠣᠶᠢᠯᠠᠭᠠᠵᠤ᠂ ᠰᠠᠶᠢᠲᠤᠷ ᠰᠤᠷᠤᠯᠴᠠᠵᠤ᠂ ᠰᠠᠶᠢᠲᠤᠷ ᠵᠣᠬᠢᠶᠠᠨ ᠪᠠᠶᠢᠭᠤᠯᠵᠤ᠂ ᠰᠠᠶᠢᠲᠤᠷ ᠦᠷ᠎ᠡ ᠪᠦᠲᠦᠮᠵᠢ ᠣᠯᠬᠤ︾ ᠶᠢ ᠦᠨᠡᠨᠬᠦ ᠪᠠᠲᠤᠯᠠᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠨᠢᠭᠡ ᠳᠤ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠦᠬᠦ ᠠᠵᠢᠯᠲᠠᠳ ᠢᠶᠠᠷ ᠢᠶᠠᠨ ᠰᠤᠷᠤᠯᠴᠠᠬᠤ ᠬᠡᠷᠡᠭᠲᠡᠢ᠃ ᠤᠳᠤᠷᠢᠳᠬᠤ ᠪᠠᠭ ᠤᠨ ᠡᠯ᠎ᠡ ᠪᠦᠷᠢᠯᠳᠦᠭᠦᠨ ᠪᠠ ᠨᠠᠮ ᠤᠨ ᠡᠭᠦᠷ ᠤᠨ ᠭᠡᠰᠢᠭᠦᠳ ᠦᠨᠡᠨᠬᠦ ᠬᠠᠷᠢᠭᠤᠴᠠᠯᠭ᠎ᠠ ᠡᠭᠦᠷᠭᠡᠯᠡᠨ᠂ ᠲᠦᠷᠦᠭᠦᠯᠡᠨ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠴᠢᠩᠭᠠᠳᠬᠠᠬᠤ᠂ ᠨᠣᠮ ᠤᠩᠰᠢᠬᠤ ᠠᠩᠭᠢ ᠡᠷᠬᠢᠯᠡᠬᠦ ᠪᠠ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾ ᠲᠠᠢ ᠤᠶᠠᠯᠳᠤᠭᠤᠯᠬᠤ ᠪᠠ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠭᠦᠯᠵᠦ᠂ ᠡᠳᠦᠷ ᠲᠤᠳᠤᠮ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠬᠡᠮᠵᠢᠶᠡᠯᠡᠬᠦ ᠪᠠᠷᠢᠮᠵᠢᠶ᠎ᠠ ᠶᠢ ᠴᠢᠨᠠᠭᠰᠢᠳᠠ ᠲᠣᠳᠣᠷᠬᠠᠶᠢᠯᠠᠨ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠵᠠᠯᠠᠷᠠᠭᠤᠯᠵᠤ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠨᠡᠮᠡᠭᠳᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ᠃ ᠬᠤᠶᠠᠷ ᠲᠤ ᠤᠬᠠᠭᠤᠯᠭ᠎ᠠ ᠶᠢ ᠴᠢᠩᠭᠠᠳᠬᠠᠵᠤ᠂ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠬᠡᠳᠤ ᠶᠢᠨ ᠲᠡᠦᠬᠡᠲᠦ ᠠᠴᠢ ᠬᠤᠯᠪᠣᠭᠳᠠᠯ ᠢ ᠥᠷᠭᠡᠨ ᠳᠡᠯᠭᠡᠷ ᠭᠦᠨᠵᠡᠭᠡᠢ ᠰᠤᠷᠤᠯᠴᠠᠨ ᠤᠬᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠤᠷᠤᠯᠴᠠᠬᠤ᠂ ᠤᠬᠠᠭᠤᠯᠬᠤ ᠪᠠ ᠲᠤᠤᠱᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠭᠦᠨᠵᠡᠭᠡᠢ ᠤᠬᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢ ᠨᠡᠩ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠣᠶᠢᠯᠠᠭᠠᠯᠲᠠ ᠶᠢ ᠨᠡᠩ ᠭᠦᠨᠵᠡᠭᠡᠶᠢᠷᠡᠭᠦᠯᠬᠦ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠷᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠪᠣᠯᠭᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠭᠤᠷᠪᠠ ᠳᠤ ᠪᠦᠬᠦ ᠲᠠᠯ᠎ᠠ ᠪᠠᠷ ᠲᠤᠤᠱᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ  ᠶᠢᠨ ᠰᠤᠷᠤᠯᠴᠠᠯᠭ᠎ᠠ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤᠳᠬᠠᠬᠤ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠪᠠ ᠬᠦᠴᠦᠨ ᠢᠶᠠᠨ ᠲᠥᠪᠯᠡᠷᠡᠭᠦᠯᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠷᠭ᠎ᠠ ᠬᠡᠮᠵᠢᠶ᠎ᠡ ᠨᠢᠭᠡᠪᠦᠷᠢ ᠶᠢ ᠴᠥᠮ ᠭᠤᠣᠯ ᠠᠵᠢᠯ ᠢ ᠠᠬᠢᠭᠤᠯᠬᠤ᠂ ᠤᠯᠤᠰ ᠲᠦᠷᠦ ᠶᠢᠨ ᠤᠬᠠᠮᠰᠠᠷ ᠴᠢᠩᠭ᠎ᠠ ᠪᠤᠰᠤ᠂ ᠭᠤᠣᠯ ᠰᠢᠵᠢᠮ ᠤᠨ ᠱᠠᠭᠠᠷᠳᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠢᠶᠠᠷ ᠠᠨᠠᠢ᠂ ᠠᠵᠢᠯ ᠤᠨ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠵᠡᠷᠭᠡ 9 ᠲᠠᠯ᠎ᠠ ᠶᠢᠨ ᠠᠰᠠᠭᠤᠳᠠᠯ ᠢ ᠴᠡᠭᠴᠡᠯᠡᠨ ᠵᠠᠰᠠᠵᠤ ᠰᠢᠢᠳᠪᠦᠷᠢᠯᠡᠬᠦ ᠪᠦᠲᠦᠮᠵᠢᠲᠡᠢ ᠠᠷᠭ᠎ᠠ ᠬᠡᠮᠵᠢᠶ᠎ᠡ ᠪᠣᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠭᠤᠷᠪᠠ ᠳᠤ ᠦᠢᠯᠡᠴᠢᠯᠡᠬᠦ︾ ᠴᠢᠳᠠᠪᠤᠷᠢ ᠶᠢᠨ ᠬᠢᠷᠢ ᠲᠦᠪᠰᠢᠨ ᠢ ᠰᠢᠨ᠎ᠡ ᠪᠠᠷ ᠳᠡᠭᠡᠭᠰᠢᠯᠡᠭᠦᠯᠵᠦ᠂ ᠪᠣᠳᠠᠲᠠᠢ ᠶᠢ ᠡᠷᠬᠢᠮᠯᠡᠬᠦ ᠰᠤᠷᠲᠠᠯ᠂ ᠰᠢᠯᠢᠳᠡᠭ ᠬᠢᠷᠢ ᠪᠦᠲᠦᠮᠵᠢ ᠪᠠᠷ ᠢᠶᠠᠨ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ