ᠵᠢᠭᠠᠰᠤᠨ ᠮᠢᠬ᠎ᠠ ᠳᠤ ᠬᠦᠨᠳᠦ ᠲᠡᠮᠦᠷᠯᠢᠭ ᠪᠠᠶᠢᠨ᠎ᠠ ᠬᠡᠵᠢ ᠤᠤ︖ ᠡᠳᠡᠭᠡᠷ  ᠵᠢᠭᠠᠰᠤᠨ ᠳᠤ ᠬᠦᠨᠳᠦ ᠲᠡᠮᠦᠷᠯᠢᠭ ᠨᠠᠩ ᠥᠨᠳᠥᠷ ᠠᠭᠤᠯᠤᠭᠳᠠᠵᠦ ᠪᠠᠶᠢᠵᠤ ᠮᠡᠳᠡᠨ᠎ᠡ
ᠨᠡᠶᠢᠲᠡᠯᠡᠭᠰᠡᠨ ᠴᠠᠭ᠄
2024/4/19
      ᠤᠰᠤᠨ ᠳᠣᠲᠣᠷᠠᠬᠢ ᠵᠠᠷᠢᠮ ᠬᠦᠨᠳᠦ ᠲᠡᠮᠦᠷᠯᠢᠭ᠂ ᠵᠢᠱᠢᠶᠡᠯᠡᠪᠡᠯ ᠮᠥᠩᠭᠦᠨ ᠤᠰᠤ᠂ ᠬᠠᠷ᠎ᠠ ᠲᠤᠭᠤᠯᠭ᠎ᠠ᠂ ᠠᠷᠰᠧᠨ᠂ ᠺᠠᠳ᠋ᠮᠢ ᠨᠢ ᠤᠰᠤᠨ ᠴᠣᠭᠴᠠ ᠪᠤᠶᠤ ᠬᠦᠨᠳᠦ ᠲᠡᠮᠦᠷᠯᠢᠭ ᠠᠭᠤᠯᠤᠭᠰᠠᠨ ᠵᠠᠮᠠᠭ ᠤᠨ ᠲᠦᠷᠦᠯ  ᠵᠡᠷᠭᠡ ᠪᠠᠷ ᠳᠠᠮᠵᠢᠨ ᠵᠢᠭᠠᠰᠤᠨ ᠤ ᠪᠡᠶ᠎ᠡ ᠳᠣᠲᠣᠷ᠎ᠠ ᠲᠠᠰᠤᠷᠠᠯᠲᠠ ᠦᠭᠡᠢ ᠤᠷᠤᠬᠤ ᠶᠢᠨ ᠵᠡᠷᠭᠡᠪᠡᠷ ᠰᠣᠯᠢᠯᠴᠠᠭᠠᠨ ᠤ ᠬᠤᠭᠤᠴᠠᠭ᠎ᠠ ᠨᠢ ᠮᠠᠰᠢ ᠤᠷᠲᠤ ᠪᠠᠶᠢᠳᠠᠭ᠃ ᠪᠦᠬᠦ ᠳᠡᠯᠡᠬᠡᠶ ᠶᠢᠨ ᠬᠡᠪᠴᠢᠶᠡᠨ ᠳᠤ ᠡᠶᠢᠮᠦ ᠨᠢᠭᠡᠨ ᠡᠩ ᠤᠨ ᠵᠢᠮ᠎ᠡ ᠶᠣᠰᠣ ᠣᠷᠣᠰᠢᠵᠤ ᠪᠤᠢ᠄ ᠮᠢᠬᠠᠴᠢᠨ ᠵᠢᠭᠠᠰᠤ ᠨᠢ ᠬᠤᠯᠢᠮᠠᠭ ᠢᠳᠡᠰᠢ ᠢᠳᠡᠳᠡᠭ ᠵᠢᠭᠠᠰᠤ ᠪᠠ ᠡᠪᠡᠰᠦ ᠢᠳᠡᠳᠡᠭ ᠵᠢᠭᠠᠰᠤ ᠠᠴᠠ ᠬᠦᠨᠳᠦ ᠲᠡᠮᠦᠷᠯᠢᠭ ᠤᠨ ᠠᠭᠤᠯᠤᠭᠳᠠᠴᠠ ᠪᠠᠷ ᠥᠨᠳᠥᠷ ᠪᠠᠶᠢᠳᠠᠭ︔ ᠲᠣᠮᠣ ᠵᠢᠭᠠᠰᠤ ᠨᠢ ᠵᠢᠵᠢᠭ ᠵᠢᠭᠠᠰᠤ ᠠᠴᠠ ᠬᠦᠨᠳᠦ ᠲᠡᠮᠦᠷᠯᠢᠭ ᠤᠨ ᠠᠭᠤᠯᠤᠭᠳᠠᠴᠠ ᠪᠠᠷ  ᠥᠨᠳᠥᠷ  ᠪᠠᠶᠢᠳᠠᠭ︔ ᠨᠠᠰᠤ ᠶᠡᠭᠡ ᠵᠢᠭᠠᠰᠤ ᠨᠢ ᠨᠠᠰᠤ ᠪᠠᠭ᠎ᠠ ᠵᠢᠭᠠᠰᠤ ᠠᠴᠠ ᠬᠦᠨᠳᠦ ᠲᠡᠮᠦᠷᠯᠢᠭ ᠤᠨ ᠠᠭᠤᠯᠤᠭᠳᠠᠴᠠ ᠪᠠᠷ ᠥᠨᠳᠥᠷ ᠪᠠᠶᠢᠳᠠᠭ᠃      ᠨᠢᠭᠡᠨ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠢ ᠦᠨᠳᠦᠰᠦᠯᠡᠪᠡᠯ᠂ ᠮᠠᠨ ᠤ ᠤᠯᠤᠰ ᠲᠤ ᠠᠪᠴᠤ ᠬᠡᠯᠡᠪᠡᠯ᠂ ᠳᠣᠷᠣᠨᠠᠲᠤ ᠲᠠᠩᠭᠢᠰ ᠪᠦᠸᠧᠬᠠᠶ ᠲᠠᠩᠭᠢᠰ ᠎ ᠤᠨ ᠣᠷᠣᠨ ᠤ  ᠬᠡᠭᠡᠷ᠎ᠡ ᠶᠢᠨ ᠵᠢᠭᠠᠰᠤᠨ ᠤ ᠪᠡᠶ᠎ᠡ ᠶᠢᠨ ᠳᠣᠲᠣᠷᠠᠬᠢ ᠮᠥᠩᠭᠦᠨ ᠤᠰᠤᠨ ᠤ ᠠᠭᠤᠯᠤᠭᠳᠠᠴᠠ ᠨᠢ ᠲᠡᠵᠢᠭᠡᠪᠦᠷᠢ ᠶᠢᠨ ᠵᠢᠭᠠᠰᠤ ᠠᠴᠠ ᠥᠨᠳᠥᠷ ᠪᠠᠶᠢᠨ᠎ᠠ︔ ᠡᠮᠦᠨᠡᠲᠦ ᠲᠠᠩᠭᠢᠰ ᠤᠨ ᠳᠠᠯᠠᠢ ᠶᠢᠨ ᠤᠰᠤᠨ ᠤ ᠲᠡᠵᠢᠭᠡᠪᠦᠷᠢ ᠶᠢᠨ ᠵᠢᠭᠠᠰᠤᠨ ᠤ ᠪᠡᠶ᠎ᠡ ᠶᠢᠨ ᠳᠣᠲᠣᠷᠠᠬᠢ  ᠮᠥᠩᠭᠦᠨ ᠤᠰᠤᠨ ᠤ ᠠᠭᠤᠯᠤᠭᠳᠠᠴᠠ ᠨᠢ ᠬᠡᠭᠡᠷ᠎ᠡ ᠶᠢᠨ ᠵᠢᠭᠠᠰᠤ ᠠᠴᠠ ᠥᠨᠳᠥᠷ ᠪᠠᠶᠢᠨ᠎ᠠ᠃ ᠡᠭᠦᠨ ᠤ ᠬᠠᠮᠲᠤ᠂ ᠡᠨᠡ ᠬᠦ ᠪᠠᠶᠢᠴᠠᠭᠠᠨ ᠰᠤᠳᠤᠯᠤᠯᠲᠠ ᠳᠤ ᠴᠢᠯᠠᠭᠤᠨ ᠲᠣᠯᠪᠣᠲᠤ ᠵᠢᠭᠠᠰᠤ᠂ ᠠᠯᠲᠠᠨ ᠤᠲᠠᠰᠤᠳᠦ ᠵᠢᠭᠠᠰᠤ᠂ ᠴᠤᠯᠪᠤᠷᠲᠤ ᠵᠢᠭᠠᠰᠤ᠂ ᠣᠤᠬ᠎ᠠ ᠵᠢᠭᠠᠰᠤ ᠵᠡᠷᠭᠡ ᠮᠢᠬᠠᠴᠢᠨ ᠵᠢᠭᠠᠰᠤᠨ ᠤ ᠪᠡᠶ᠎ᠡ ᠶᠢᠨ ᠳᠣᠲᠣᠷᠠᠬᠢ ᠮᠥᠩᠭᠦᠨ ᠤᠰᠤᠨ ᠤ ᠠᠭᠤᠯᠤᠭᠳᠠᠴᠠ ᠨᠡᠯᠢᠶᠡᠳ ᠥᠨᠳᠥᠷ ᠪᠠᠶᠢᠨ᠎ᠠ ᠭᠡᠪᠡ᠃      ᠣᠯᠠᠨ ᠳᠤ ᠰᠠᠨᠠᠭᠤᠯᠬᠤ ᠵᠦᠢᠯ ᠭᠡᠪᠡᠯ᠂ ᠠᠳᠠᠯᠢ ᠲᠥᠷᠥᠯ ᠤᠨ ᠵᠢᠭᠠᠰᠤ ᠶᠢ ᠭᠡᠳ ᠪᠡᠶ᠎ᠡ ᠨᠢ ᠬᠡᠲᠦ ᠶᠡᠭᠡ ᠵᠢᠭᠠᠰᠤ ᠶᠢ ᠰᠣᠩᠭᠤᠬᠤ ᠠᠴᠠ  ᠵᠠᠶᠢᠯᠠᠰᠬᠢᠬᠦ  ᠬᠡᠷᠡᠭᠲᠡᠶ᠂ ᠡᠨᠡ ᠨᠢ ᠭᠤᠤᠯᠳᠠᠭᠤ  ᠪᠡᠶ᠎ᠡ ᠶᠢᠨ ᠬᠦᠨᠳᠦ ᠨᠢ ᠨᠡᠯᠢᠶᠡᠳ ᠶᠡᠭᠡ ᠪᠠᠶᠢᠬᠤ ᠨᠢ ᠵᠢᠭᠠᠰᠤᠨ ᠤ ᠨᠠᠰᠤ ᠨᠢ ᠨᠡᠯᠢᠶᠡᠳ ᠶᠡᠭᠡ ᠪᠤᠯᠤᠬᠰᠠᠨ ᠢ ᠬᠠᠷᠠᠭᠤᠯᠵᠤ ᠪᠠᠶᠢᠨ᠎ᠠ᠂ ᠡᠶᠢᠮᠦ ᠵᠢᠭᠠᠰᠤᠨ ᠤ ᠮᠢᠬ᠎ᠠ ᠨᠢ ᠲᠡᠶᠢᠮᠦ ᠵᠥᠭᠡᠯᠡᠨ ᠪᠢᠰᠢ ᠮᠥᠷᠲᠡᠭᠡᠨ ᠪᠠᠰᠠ ᠢᠳᠡᠬᠦ ᠪᠠᠷ ᠳᠡᠮᠵᠢᠨ ᠨᠠᠩ ᠣᠯᠠᠨ ᠬᠦᠨᠳᠦ ᠲᠡᠮᠦᠷᠯᠢᠭ ᠪᠡᠶ᠎ᠡ ᠳᠤᠨᠢ ᠴᠢᠨᠢ ᠠᠮᠠᠷᠬᠠᠨ ᠬᠤᠷᠠᠮᠳᠤᠨ᠎ᠠ᠃      ᠭᠡᠪᠡᠴᠦ᠂ ᠳᠡᠭᠡᠷ᠎ᠡ ᠳᠤᠷᠠᠳᠤᠭᠰᠠᠨ ᠪᠠᠶᠢᠴᠠᠭᠠᠨ ᠰᠤᠳᠤᠯᠤᠯᠲᠠ ᠶᠢᠨ ᠦᠷ᠎ᠡ ᠳ᠋ᠦᠩ ᠢ ᠠᠩᠬᠠᠷᠬᠤ ᠶᠢᠨ ᠬᠠᠮᠲᠤ᠂ ᠣᠳᠣᠬᠠᠨ ᠳᠤ ᠮᠠᠨ ᠤ  ᠤᠯᠤᠰ ᠤᠨ ᠤᠰᠤᠨ ᠭᠠᠷᠤᠯᠲᠠ ᠶᠢᠨ ᠮᠥᠩᠭᠦᠨ ᠤᠰᠤᠨ ᠤ ᠠᠭᠤᠯᠤᠭᠳᠠᠴᠠ ᠨᠢ ᠤᠯᠤᠰ ᠤᠨ ᠪᠠᠷᠢᠮᠵᠢᠶ᠎ᠠ ᠶᠢᠨ ᠬᠢᠵᠠᠭᠠᠷ ᠬᠡᠮᠵᠢᠭᠳᠡᠯ ᠠᠴᠠ ᠬᠤᠯᠠ ᠳᠤᠤᠷ᠎ᠠ ᠪᠠᠶᠢᠭ᠎ᠠ ᠪᠤᠯᠬᠤᠷ ᠤᠯᠠᠨ ᠢᠶᠠᠷ ᠎ ᠢᠶᠠᠨ ᠰᠠᠨᠠᠭ᠎ᠠ ᠠᠮᠤᠷ ᠪᠠᠶᠢᠭᠠᠷᠠᠢ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ