ᠭᠠᠯᠲᠤ ᠲᠡᠷᠭᠡᠨ ᠪᠢᠯᠧᠲ ᠢ ᠲᠥᠯᠥᠪᠦᠷᠢ ᠦᠭᠡᠢ ᠪᠠᠷ ᠰᠣᠯᠢᠵᠤ ᠪᠣᠯᠤᠨ᠎ᠠ ᠰᠢᠦ︕
ᠨᠡᠶᠢᠲᠡᠯᠡᠭᠰᠡᠨ ᠴᠠᠭ᠄
2024/4/19
      ᠬᠤᠷᠠᠮᠳᠤᠯ ᠬᠤᠪᠢ ᠪᠠᠷ ᠢᠶᠠᠨ ᠲᠣᠰ ᠭᠠᠯᠳᠤ ᠲᠡᠷᠭᠡᠨ ᠤ ᠪᠢᠯᠧᠲ ᠢ ᠰᠣᠯᠢᠵᠤ  ᠪᠣᠯᠤᠨ᠎ᠠ᠃ ᠲᠡᠮᠦᠷ ᠵᠠᠮ ᠤᠨ 12306 App᠎ ᠶᠢ ᠨᠡᠭᠡᠭᠡᠵᠦ  ︽ᠲᠡᠮᠦᠷ ᠵᠠᠮ ᠤᠨ ᠭᠡᠰᠢᠭᠦᠨ︾᠎ (铁路会员)᠎ ᠢ ᠲᠤᠪᠰᠢᠵᠦ᠂ ︽ᠳᠠᠷᠤᠶ ᠲᠦᠷᠭᠡᠨ ᠰᠦᠯᠵᠢᠶ᠎ᠡ ᠳᠤ ᠭᠠᠷᠬᠤ︾᠎ (立即登录)᠎ ᠶᠢ ᠲᠤᠪᠰᠢᠵᠦ ᠠᠮᠢᠯᠠᠭᠤᠯᠤᠭᠠᠳ ︽ᠲᠡᠮᠦᠷ ᠵᠠᠮ ᠤᠨ ᠰᠠᠭᠠᠳ ᠥᠬᠡᠶ ᠨᠡᠪᠲᠡᠷᠡᠬᠦ︾(铁路畅行)ᠭᠡᠰᠢᠭᠦᠨ ᠪᠣᠯᠵᠣ᠂ ᠬᠥᠮᠦᠨ ᠤ ᠵᠢᠰᠦ ᠶᠢ ᠢᠯᠭᠠᠨ ᠲᠠᠨᠢᠬᠤ ᠪᠠᠷ ᠳᠡᠮᠵᠢᠨ᠂ ᠰᠦᠯᠵᠢᠶᠡᠨ ᠳᠡᠭᠡᠷ᠎ᠡ ᠭᠡᠰᠢᠭᠦᠨ ᠤ ᠬᠤᠪᠢ ᠬᠤᠷᠠᠮᠳᠤᠭᠤᠯᠬᠤ ᠲᠠᠩᠰᠠᠨ ᠡᠷᠦᠬᠡ ᠶᠢ ᠠᠮᠵᠢᠯᠲᠠ ᠲᠠᠢ ᠪᠠᠷ ᠠᠮᠢᠯᠠᠭᠤᠯᠤᠭᠰᠠᠨ ᠤ ᠳᠠᠷᠠᠭ᠎ᠠ ᠵᠢᠩᠬᠢᠨᠢ ᠪᠠᠷ ︽ᠲᠡᠮᠦᠷ ᠵᠠᠮ ᠤᠨ ᠰᠠᠭᠠᠳ ᠥᠬᠡᠶ ᠨᠡᠪᠲᠡᠷᠡᠬᠦ︾ ᠭᠡᠰᠢᠭᠦᠨ ᠪᠣᠯᠤᠨ᠎ᠠ᠃ ᠴᠢᠨᠦ ᠬᠤᠷᠠᠮᠳᠤᠯ ᠬᠤᠪᠢ ᠴᠢᠨᠢ ᠠᠩᠬ᠎ᠠ ᠤᠳᠠᠭ᠎ᠠ 10000 ᠬᠤᠪᠢ ᠬᠦᠷᠬᠦ ᠦᠶᠡᠰ ᠰᠣᠯᠢᠬᠤ ᠬᠢᠷᠢ ᠬᠡᠮ ᠲᠠᠢ ᠪᠣᠯᠤᠨ᠎ᠠ᠃      ᠲᠡᠮᠦᠷ ᠵᠠᠮ ᠤᠨ 12306 App᠎ ᠢ ᠨᠡᠭᠡᠭᠡᠵᠦ ︽ᠰᠣᠯᠢᠬᠤ︾(兑)ᠬᠡᠰᠡᠨ ᠥᠰᠥᠭ ᠲᠠᠢ ᠭᠠᠯᠳᠤ ᠲᠡᠷᠭᠡᠨ ᠤ ᠳ᠋ᠤᠭᠠᠷ ᠢ ᠲᠤᠪᠰᠢᠵᠦ ᠵᠠᠬᠢᠶᠠᠯᠠᠨ᠎ᠡ᠂ ᠬᠡᠬᠦ ᠲᠡᠭᠡᠨ ᠵᠠᠬᠢᠶᠠᠯᠠᠭ᠎ᠠ ᠶᠢᠨ ᠬᠠᠭᠤᠳᠠᠰᠤ ᠶᠢᠨ ᠨᠢᠭᠤᠷ ᠲᠠᠬᠢ ᠬᠤᠷᠠᠮᠳᠤᠯ ᠬᠤᠪᠢ ᠭᠥᠯᠢᠶᠡᠨ ᠠᠪᠤᠭᠴᠢ ᠶᠢ ᠰᠣᠩᠭᠤᠵᠤ ᠵᠠᠬᠢᠶᠠᠯᠠᠭ᠎ᠠ ᠶᠢᠨ ᠬᠠᠭᠤᠳᠠᠰᠤ ᠪᠠᠨ ᠲᠤᠰᠢᠶᠠᠭᠰᠠᠨ ᠤ ᠳᠠᠷᠠᠭ᠎ᠠ ᠬᠤᠷᠠᠮᠳᠤᠯ ᠬᠤᠪᠢ ᠪᠠᠷ ᠢᠶᠠᠨ ᠳᠥᠯᠥᠪᠡᠯ ᠪᠣᠯᠴᠢᠬᠠᠨ᠎ᠠ᠃ ᠭᠡᠪᠡᠴᠦ ᠬᠤᠪᠢ ᠬᠤᠷᠠᠮᠳᠤᠭᠤᠯᠵᠤ ᠰᠣᠯᠢᠬᠤ ᠲᠡᠷᠭᠡᠨ ᠪᠢᠯᠧᠲ ᠢ ᠪᠤᠴᠠᠭᠠᠬᠤ ᠦᠭᠡᠢ᠂ ᠠᠶᠠᠨ ᠵᠠᠮ ᠢᠶᠠᠨ ᠲᠣᠭᠲᠠᠭᠰᠠᠨ ᠤ ᠳᠠᠷᠠᠭ᠎ᠠ ᠰᠣᠯᠢᠭᠠᠷᠠᠶ ᠭᠡᠵᠦ ᠰᠠᠨᠠᠭᠤᠯᠬᠤ ᠬᠡᠷᠡᠭᠲᠡᠶ᠃
ᠢᠷᠡᠯᠲᠡ᠄ ᠠᠷᠠᠳ ᠤᠨ ᠮᠣᠩᠭᠤᠯ ᠰᠦᠯᠵᠢᠶ᠎ᠡ