ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ
ᠨᠡᠶᠢᠲᠡᠯᠡᠭᠰᠡᠨ ᠴᠠᠭ᠄
2024/4/19
      ᠰᠢᠨ᠎ᠡ ᠪᠠᠷᠭᠤ ᠪᠠᠷᠠᠭᠤᠨ ᠬᠤᠰᠢᠭᠤᠨ ᠤ ᠴᠠᠭ ᠠᠭᠤᠷ ᠤᠨ ᠦᠷᠲᠡᠭᠡ 2024 ᠣᠨ ᠤ 4 ᠰᠠᠷ᠎ᠠ ᠶᠢᠨ 19 ᠤ ᠡᠳᠦᠷ ᠤᠨ 09 ᠴᠠᠭ 33 ᠮᠢᠨᠦ᠋ᠲ ᠲᠤ ᠶᠡᠭᠡ ᠰᠠᠯᠬᠢᠨ ᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ᠄       24 ᠴᠠᠭ ᠤᠨ ᠳᠣᠲᠣᠷ᠎ᠠ ᠠᠯᠳ᠋ᠬᠠᠮᠡᠭᠡᠯ ᠪᠠᠯᠭᠠᠰᠤ᠂ ᠠᠷᠤᠬᠠᠰᠢᠶᠠᠲᠤ ᠪᠠᠯᠭᠠᠰᠤ᠂ ᠬᠥᠯᠥᠨ ᠪᠠᠯᠭᠠᠰᠤ᠂ ᠪᠤᠶᠢᠷ ᠰᠤᠮᠤ᠂ ᠬᠡᠷᠦᠯᠦᠨ ᠰᠤᠮᠤ᠂ ᠲᠡᠯᠡᠶ ᠰᠤᠮᠤ᠂ ᠪᠣᠭᠳᠠᠠᠭᠤᠯᠠ ᠰᠤᠮᠤ ᠵᠡᠷᠭᠡ ᠭᠠᠵᠠᠷ ᠲᠤ 7 ᠲᠠᠰ ᠠᠴᠠ ᠳᠡᠭᠡᠭᠰᠢ ᠶᠡᠭᠡ ᠰᠠᠯᠬᠢ ᠰᠠᠯᠬᠢᠯᠠᠨ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠪᠠ ᠬᠥᠮᠥᠰ ᠰᠡᠷᠭᠡᠶᠢᠯᠡᠨ ᠬᠠᠮᠠᠭᠠᠯᠠᠬᠤ ᠪᠡᠯᠡᠳᠬᠡᠯ ᠠᠵᠢᠯ ᠢ ᠰᠠᠶᠢᠲᠤᠷ ᠬᠢᠬᠦ ᠶᠢ ᠬᠦᠰᠡᠵᠦ ᠪᠠᠶᠢᠨ᠎ᠠ᠃      ᠰᠡᠷᠭᠡᠶᠢᠯᠡᠨ ᠬᠠᠮᠠᠭᠠᠯᠠᠯᠲᠠ ᠬᠢᠬᠦ ᠵᠢᠯᠣᠭᠤᠳᠣᠮᠵᠢ᠄       1. ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠶᠡᠭᠡ ᠰᠠᠯᠬᠢ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔      2. ᠡᠭᠦᠳᠡ ᠴᠣᠩᠬᠤ ᠪᠠᠨ ᠰᠠᠶᠢᠲᠤᠷ ᠬᠠᠭᠠᠵᠤ᠂ ᠬᠦᠷᠢᠶ᠎ᠡ ᠬᠠᠰᠢᠶ᠎ᠠ᠂ ᠫᠧᠩ ᠰᠠᠷᠠᠪᠴᠢ ᠶᠢᠨ ᠵᠢᠶᠠᠰᠠ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠦᠯᠢᠶᠡᠭᠳᠡᠬᠦ ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠪᠠᠬᠢᠯᠡᠨ᠂ ᠶᠡᠭᠡ ᠰᠠᠯᠬᠢᠨ ᠤ ᠨᠥᠯᠥᠭᠡ ᠶᠢ ᠠᠮᠠᠷᠬᠠᠨ ᠭᠥᠷᠳᠡᠬᠦ ᠭᠡᠷ ᠤᠨ ᠭᠠᠳᠠᠨᠠᠬᠢ ᠡᠳ᠋ ᠪᠣᠳᠠᠰ ᠢ ᠲᠣᠬᠢᠲᠠᠢ ᠲᠥᠪᠬᠢᠨᠡᠭᠦᠯᠵᠦ᠂ ᠪᠠᠷᠢᠯᠭ᠎ᠠ ᠶᠢᠨ ᠡᠳ᠋ ᠪᠣᠳᠠᠰ ᠢ ᠰᠠᠶᠢᠲᠤᠷ ᠳᠠᠷᠤᠵᠤ ᠬᠤᠴᠢᠬᠤ ᠬᠡᠷᠡᠭᠲᠡᠢ︔       3. ᠠᠯᠢ ᠴᠢᠳᠠᠬᠤ ᠪᠠᠷ ᠳᠤᠭᠤᠢ ᠲᠡᠷᠭᠡ ᠤᠨᠤᠬᠤ ᠦᠭᠡᠢ ᠪᠠᠶᠢᠵᠤ᠂ ᠰᠠᠯᠬᠢᠯᠠᠵᠤ ᠪᠠᠶᠢᠭ᠎ᠠ ᠦᠶ᠎ᠡ ᠳᠤ ᠵᠠᠷ ᠤᠨ ᠫᠠᠶᠢᠰᠠ᠂ ᠲᠦᠷ ᠴᠠᠭ ᠤᠨ ᠪᠠᠷᠢᠯᠭ᠎ᠠ ᠵᠡᠷᠭᠡ ᠶᠢᠨ ᠳᠣᠣᠷ᠎ᠠ ᠵᠣᠭᠰᠣᠵᠤ ᠪᠣᠯᠬᠤ ᠦᠭᠡᠢ︔       4. ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠪᠠᠶᠢᠭᠤᠯᠭ᠎ᠠ ᠨᠢᠭᠡᠴᠡ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠠᠩᠬᠠᠷᠬᠤ ᠬᠡᠷᠡᠭᠲᠡᠢ᠃
图1.png
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ