ᠴᠠᠩ ᠴᠢᠩ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠠᠷᠤᠬᠠᠰᠢᠶᠠᠲᠦ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠭᠠᠶᠢᠯᠢ ᠠᠴᠠ ᠬᠡᠯᠲᠦᠷᠢᠭᠦᠯᠬᠦ ᠬᠤᠳᠠᠯᠳᠤᠭᠠᠨ ᠤ ᠲᠥᠪ᠂ ᠵᠠᠩ ᠦᠶᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ᠂ ᠬᠤᠶᠠᠳᠤᠭᠠᠷ ᠬᠡᠦᠬᠡᠳ ᠤᠨ ᠴᠡᠴᠡᠷᠯᠢᠭ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠰᠢᠭᠤᠨ ᠤ ᠵᠠᠬ᠎ᠠ ᠶᠢᠨ ᠠᠷᠠᠯᠵᠢᠶ᠎ᠠ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠴᠠᠩ ᠴᠢᠩ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠷᠭ᠎ᠠ ᠵᠠᠮ ᠰᠦᠪᠡᠭᠴᠢᠯᠡᠨ ᠬᠦᠴᠢᠷ ᠠᠰᠠᠭᠤᠳᠠᠯ ᠤᠳ ᠢ ᠰᠢᠢᠳᠪᠦᠷᠢᠯᠡᠵᠦ᠂ ᠪᠦᠭᠦ ᠬᠤᠰᠢᠭᠤᠨ ᠤ ᠭᠤᠣᠯᠳᠠᠯᠭ᠎ᠠ ᠲᠠᠢ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠵᠣᠬᠢᠴᠠᠭᠤᠯᠤᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
1.jpg
      ᠠᠷᠤᠬᠠᠰᠢᠶᠠᠲᠦ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠭᠠᠶᠢᠯᠢ ᠠᠴᠠ ᠬᠡᠯᠲᠦᠷᠢᠭᠦᠯᠬᠦ ᠬᠤᠳᠠᠯᠳᠤᠭᠠᠨ ᠤ ᠲᠥᠪ ᠲᠤ ᠴᠠᠩ ᠴᠢᠩ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶ᠎ᠠ ᠶᠢ ᠬᠥᠭᠵᠢᠭᠦᠯᠬᠦ ᠪᠣᠯ ᠭᠠᠳᠠᠭᠠᠳᠤ ᠠᠷᠠᠯᠵᠢᠶᠠᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠬᠢᠯᠢ ᠬᠢᠵᠠᠭᠠᠷ ᠣᠷᠣᠨ ᠢ ᠬᠥᠭᠵᠢᠭᠦᠯᠬᠦ᠂ ᠠᠷᠠᠳ ᠢ ᠪᠠᠶᠠᠵᠢᠭᠤᠯᠬᠤ ᠪᠠ ᠨᠦᠬᠦᠷᠰᠡᠭ ᠬᠥᠷᠰᠢ ᠶᠢᠨ ᠶᠠᠪᠤᠯᠴᠠᠭ᠎ᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠬᠦ ᠶᠢ ᠪᠠᠷᠢᠮᠲᠠᠯᠠᠵᠤ᠂ ᠬᠢᠯᠢ ᠳᠠᠭᠠᠤ ᠨᠡᠭᠡᠭᠡᠯᠲᠡ ᠬᠢᠬᠦ ᠳᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠠᠷᠠᠯᠵᠢᠶᠠᠨ ᠤ ᠥᠷᠢᠰᠦᠯᠳᠦᠬᠦ ᠬᠦᠴᠦᠨ ᠢ ᠥᠷᠭᠡᠳᠬᠡᠨ᠂ ᠬᠢᠯᠢ ᠶᠢᠨ ᠠᠷᠠᠳ ᠤᠨ ᠲᠤᠬᠠᠢ ᠶᠢᠨ ᠭᠠᠵᠠᠷ ᠪᠤᠶᠤ ᠣᠶᠢᠷ᠎ᠠ ᠬᠠᠪᠢ ᠳᠠᠭᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ᠂ ᠴᠠᠩ ᠴᠢᠩ ᠰᠤᠯᠠ ᠪᠠᠶᠢᠭ᠎ᠠ ᠡᠳ᠋ ᠬᠥᠷᠥᠩᠭᠡ ᠶᠢ ᠰᠢᠢᠳᠪᠦᠷᠢᠯᠡᠵᠦ ᠠᠰᠢᠭᠯᠠᠭᠰᠠᠨ ᠪᠠᠶᠢᠳᠠᠯ᠂ ᠬᠡᠷᠡᠭᠴᠡᠭᠡ ᠶᠢᠨ ᠲᠥᠯᠦᠪᠵᠢᠭᠦᠯᠭᠡ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠣᠶᠢᠯᠠᠭᠠᠪᠠ᠃ ᠴᠠᠩ ᠴᠢᠩ᠂ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠣᠯ ᠮᠠᠨ ᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠡᠯ᠎ᠡ ᠰᠠᠯᠠᠭ᠎ᠠ ᠮᠥᠴᠢᠷ ᠤᠨ ᠬᠢᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠰᠡᠳᠬᠢᠮᠵᠢ ᠶᠢᠨ ᠰᠢᠨ᠎ᠡ ᠶᠢ ᠡᠭᠦᠳᠴᠦ᠂ ᠬᠦᠴᠢᠷ ᠢ ᠰᠥᠷᠦᠨ ᠤᠷᠤᠭᠰᠢᠯᠠᠵᠤ᠂ ᠦᠷᠭᠦᠯᠵᠢᠯᠡᠨ ᠲᠦᠯᠬᠢᠨ ᠠᠬᠢᠭᠤᠯᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠴᠢᠬᠤᠯᠠ ᠡᠬᠢ ᠪᠠᠶᠠᠯᠢᠭ ᠪᠠ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃       ᠬᠤᠶᠠᠳᠤᠭᠠᠷ ᠬᠡᠦᠬᠡᠳ ᠤᠨ ᠴᠡᠴᠡᠷᠯᠢᠭ ᠲᠤ᠂ ᠴᠠᠩ ᠴᠢᠩ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠪᠠ ᠲᠠᠨᠢᠯᠴᠠᠭᠤᠯᠭ᠎ᠠ ᠶᠢ ᠰᠣᠨᠣᠰᠬᠤ ᠪᠠᠷ ᠳᠠᠮᠵᠢᠨ᠂ ᠬᠡᠦᠬᠡᠳ ᠤᠨ ᠴᠡᠴᠡᠷᠯᠢᠭ ᠤᠨ ᠲᠣᠨᠤᠭ ᠲᠥᠬᠦᠭᠡᠷᠦᠮᠵᠢ᠂ ᠵᠢᠭᠠᠨ ᠰᠤᠷᠭᠠᠯᠲᠠ ᠶᠢᠨ ᠶᠠᠰᠤ ᠴᠢᠨᠠᠷ᠂ ᠢᠳᠡᠭᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠤᠨ ᠪᠠᠶᠢᠳᠠᠯ ᠢ ᠨᠠᠷᠢᠯᠢᠭ ᠣᠶᠢᠯᠠᠭᠠᠪᠠ᠃ ᠴᠠᠩ ᠴᠢᠩ᠂ ᠬᠡᠦᠬᠡᠳ ᠤᠨ ᠴᠡᠴᠡᠷᠯᠢᠭ ᠡᠷᠭᠢᠯᠡᠬᠦ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠬᠡᠦᠬᠡᠳ ᠤᠨ ᠴᠡᠴᠡᠷᠯᠢᠭ ᠤᠨ ᠵᠥᠭᠡᠯᠡᠨ ᠬᠠᠲᠠᠭᠤ ᠲᠣᠨᠤᠭ ᠲᠦᠬᠦᠭᠡᠷᠦᠮᠵᠢ ᠶᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠦ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ ︽ᠨᠢᠯᠬ᠎ᠠ ᠬᠡᠦᠬᠡᠳ ᠲᠤ ᠰᠤᠷᠬᠤ ᠠᠴᠠ ᠰᠤᠷᠭᠠᠨ ᠬᠦᠮᠦᠵᠢᠯ ᠲᠠᠢ︾ ᠪᠠᠶᠢᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠨᠠᠩ ᠬᠠᠨᠤᠮᠵᠢᠲᠠᠶ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ