ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠪᠠ
ᠨᠡᠶᠢᠲᠡᠯᠡᠭᠰᠡᠨ ᠴᠠᠭ᠄
2024/4/19
      ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 3 ᠰᠠᠷ᠎ᠠ ᠶᠢᠨ 29 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠴᠢ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠨᠠᠮ ᠤᠨ ᠰᠤᠷᠲᠠᠯ ᠴᠢᠬᠡᠴᠢ ᠵᠠᠰᠠᠭ ᠪᠣᠯᠣᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠵᠦ᠂ ᠠᠵᠤ ᠠᠬᠤᠶᠢᠯᠠᠯ ᠤᠨ ᠦᠷ᠎ᠡ ᠠᠰᠢᠭ ᠢᠶᠠᠷ ᠪᠠᠭᠠᠲᠤᠷ ᠢ ᠦᠨᠡᠯᠡᠬᠦ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠣᠯᠲᠠ᠂ ᠣᠷᠣᠯᠭ᠎ᠠ ᠶᠢᠨ ᠨᠡᠮᠡᠭᠳᠡᠯ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠪᠣᠳᠠᠲᠠᠢ ᠠᠰᠠᠭᠤᠳᠠᠯ ᠢ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ 33 ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠣᠳᠣᠬᠠᠨ ᠤ ᠠᠵᠤ ᠠᠬᠤᠢ ᠳᠤ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠣᠭᠲᠠᠭᠤᠨ ᠤ ᠳᠤᠮᠳᠠ ᠰᠠᠨᠠᠭᠠᠰᠢᠷᠠᠯ ᠲᠠᠢ ᠪᠠᠶᠢᠳᠠᠯ ᠢᠯᠡᠷᠡᠵᠦ᠂ ᠭᠤᠣᠯ ᠪᠤᠯᠬᠤ ᠭᠦᠢᠴᠡᠳᠬᠡᠯ ᠲᠤᠭ᠎ᠠ ᠶᠢᠨ ᠨᠡᠮᠡᠭᠳᠡᠯ ᠨᠢ ᠵᠢᠱᠢᠯᠲᠡ ᠲᠠᠢ ᠦᠨᠳᠦᠰᠦᠨ ᠳᠡᠭᠡᠨ ᠨᠡᠶᠢᠴᠡᠵᠦ ᠪᠠᠶᠢᠨ᠎ᠠ᠂ ᠭᠡᠪᠡᠴᠦ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠬᠡᠯᠬᠢᠶ᠎ᠡ ᠶᠢ ᠤᠷᠲᠤᠳᠬᠠᠬᠤ ᠶᠠᠪᠤᠳᠠᠯ ᠲᠤᠯᠭᠠᠮ ᠱᠠᠭᠠᠷᠳᠠᠭᠳᠠᠵᠤ ᠪᠠᠶᠢᠨ᠎ᠠ᠂ ᠡᠷᠬᠡᠪᠰᠢ ︽ᠤᠳᠠᠭᠠᠨ ᠤᠷᠤᠭᠰᠢᠯᠠᠬᠤ ᠨᠢ ᠤᠬᠤᠷᠢᠬᠤ ᠲᠠᠢ ᠠᠳᠠᠯᠢ︾ ᠭᠡᠬᠦ ᠣᠶᠢᠯᠠᠭᠠᠭᠳᠠᠬᠤᠨ ᠢ ᠪᠤᠢ ᠪᠤᠯᠭᠠᠵᠤ᠂ ᠴᠢᠩᠭ᠎ᠠ ᠠᠳᠬᠤᠨ ᠲᠦᠷᠭᠡᠨ ᠬᠢᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠦᠢᠯᠡᠰ ᠤᠨ ᠬᠡᠯᠬᠢᠶ᠎ᠡ ᠣᠬᠤᠷ᠂ ᠬᠡᠷᠡᠭᠯᠡᠭᠡ ᠶᠢᠨ ᠬᠡᠷᠡᠭᠴᠡᠭᠡ ᠬᠦᠷᠦᠯᠴᠡᠬᠦ ᠦᠭᠡᠢ᠂ ᠭᠠᠳᠠᠭᠠᠳᠤ ᠠᠷᠠᠯᠵᠢᠶᠠᠨ ᠤ ᠬᠥᠭᠵᠢᠯᠲᠡ ᠶᠢᠨ ᠬᠤᠷᠳᠤᠴᠠ ᠤᠳᠠᠭᠠᠰᠢᠷᠠᠬᠤ᠂ ᠰᠢᠶᠠᠨ ᠤ ᠬᠡᠪᠴᠢᠶᠡᠨ ᠤ ᠠᠵᠤ ᠠᠬᠤᠢ ᠲᠡᠩᠴᠡᠭᠦᠷᠢ ᠦᠭᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠪᠦᠭᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠪᠦᠭᠦ ᠬᠦᠴᠦᠨ ᠢᠶᠠᠷ ᠢᠶᠠᠨ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠲᠤᠭ᠎ᠠ ᠪᠦᠷᠢᠳᠬᠡᠯ ᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ᠂ ᠲᠤᠭ᠎ᠠ ᠪᠦᠷᠢᠳᠬᠡᠯ ᠬᠢᠬᠦ ᠳᠤ ᠦᠨᠡᠨ ᠠᠴᠠ ᠵᠥᠪ ᠢ ᠡᠷᠢᠵᠦ᠂ ᠴᠡᠭᠴᠡᠯᠡᠨ ᠰᠠᠶᠢᠵᠢᠷᠠᠭᠤᠯᠬᠤ ᠳᠤ ᠪᠠᠰᠠ ᠦᠨᠡᠨ ᠠᠴᠠ ᠵᠥᠪ ᠢ ᠡᠷᠢᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠴᠥᠮ ᠨᠢᠭᠡ ᠠᠴᠠ ᠵᠦᠢᠴᠢᠯᠡᠨ ᠨᠥᠭᠦᠭᠡ ᠶᠢ ᠮᠡᠳᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠡᠷᠡᠰ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠡᠴᠦᠰ ᠲᠤᠨᠢ ᠲᠤᠯᠲᠠᠯ᠎ᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠳᠤᠯᠠᠭᠠᠯᠠᠭ᠎ᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠰᠢᠨ᠎ᠡ ᠬᠠᠭᠤᠴᠢᠨ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ︽ᠠᠰᠠᠭᠤᠳᠠᠯ ᠲᠠᠢ ᠠᠵᠢᠯᠯᠠᠭᠤᠯᠬᠤ︾ ᠶᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠪᠠᠷᠢᠯᠭ᠎ᠠ ᠶᠢᠨ ᠠᠬᠢᠴᠠ᠂ ᠶᠠᠰᠤ ᠴᠢᠨᠠᠷ᠂ ᠠᠮᠤᠷ ᠲᠦᠪᠰᠢᠨ ᠪᠠ ᠪᠡᠯᠡ ᠮᠥᠩᠭᠦ ᠶᠢᠨ ᠬᠡᠷᠡᠭᠯᠡᠯᠲᠡ ᠶᠢ ᠴᠢᠩᠭ᠎ᠠ ᠠᠩᠬᠠᠷᠴᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠣᠯᠠᠨ ᠲᠦᠮᠡᠨ ᠤ ᠠᠵᠢᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡ ᠶᠢᠨ ᠡᠳ᠋ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠥᠰᠥᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ᠃ 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ