ᠰᠢᠨ᠎ᠡ ᠪᠠᠷᠭᠤ ᠪᠠᠷᠠᠭᠤᠨ ᠬᠤᠰᠢᠭᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
      3 ᠰᠠᠷ᠎ᠠ ᠶᠢᠨ 30 ᠤ ᠡᠳᠦᠷ᠂ ᠬᠥᠯᠥᠨ ᠪᠤᠶᠢᠷ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠸᠢᠳᠢᠤ᠋ ᠬᠤᠷᠠᠯ ᠬᠤᠷᠠᠯᠳᠤᠭᠤᠯᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠦᠷᠭᠡᠨ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠭᠥᠯᠢᠶᠡᠨ ᠠᠪᠴᠤ ᠦᠵᠡᠪᠡ᠃ ᠬᠤᠷᠠᠯ ᠲᠡᠭᠦᠰᠦᠭᠰᠡᠨ ᠤ ᠳᠠᠷᠠᠭ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃
4.1诚信工作会议.png
      ᠬᠤᠷᠠᠯ ᠠᠴᠠ ᠰᠢᠨ᠎ᠡ ᠪᠠᠷᠭᠤ ᠪᠠᠷᠠᠭᠤᠨ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠠᠵᠢᠯ ᠤᠨ ᠬᠠᠮᠢᠶ᠎ᠠ ᠪᠦᠬᠦᠢ ᠪᠠᠶᠢᠳᠠᠯ  ᠢ ᠮᠡᠳᠡᠭᠳᠡᠵᠦ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃       ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠠᠵᠢᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠣᠭᠲᠠᠭᠰᠠᠨ ᠬᠤᠭᠤᠴᠠᠭ᠎ᠠ ᠲᠠᠢ ᠪᠠᠷ ᠲᠣᠬᠢᠷᠠᠭᠤᠯᠬᠤ᠂ ᠤᠯᠠᠨ ᠳᠤ ᠮᠡᠳᠡᠭᠳᠡᠬᠦ ᠵᠡᠷᠭᠡ ᠶᠢ ᠰᠠᠶᠢᠲᠤᠷ ᠬᠡᠷᠡᠭᠯᠡᠵᠦ᠂ ᠲᠥᠰᠥᠯ ᠤᠨ ᠡᠭᠦᠷᠭᠡ ᠨᠢᠭᠡᠪᠦᠷᠢ ᠳᠤ ᠴᠥᠮ ᠲᠣᠳᠣᠷᠬᠠᠢ ᠬᠠᠷᠢᠭᠤᠴᠠᠯᠭᠠᠲᠠᠨ ᠪᠠ ᠭᠦᠢᠴᠡᠳᠭᠡᠭᠴᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠦᠨᠡᠨᠴᠢ ᠢᠲᠡᠭᠡᠮᠵᠢ ᠶᠢᠨ ᠢᠨᠵᠧᠨᠧᠷᠢᠩ ᠢ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠷᠠᠲᠤ ᠲᠥᠷᠥᠯ ᠲᠡᠮᠳᠡᠭᠲᠦ ᠶᠢᠨ ᠢᠨᠵᠧᠨᠧᠷᠢᠩ ᠪᠣᠯᠭᠠᠨ ᠪᠠᠶᠢᠭᠤᠯᠵᠤ᠂ ᠨᠡᠶᠢᠭᠡᠮ ᠳᠠᠶᠠᠭᠠᠷ ᠲᠤ ᠦᠨᠡᠨᠴᠢ ᠢᠲᠡᠭᠡᠮᠵᠢ ᠲᠠᠢ ᠪᠠᠶᠢᠬᠤ᠂ ᠦᠨᠡᠨᠴᠢ ᠢᠲᠡᠭᠡᠮᠵᠢ ᠲᠠᠢ ᠪᠠᠶᠢᠬᠤ ᠶᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ