ᠬᠤᠰᠢᠭᠤᠨ ᠤ ᠵᠠᠰᠠᠭ ᠤᠨ ᠣᠷᠳᠣᠨ 2024 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/2
      4 ᠰᠠᠷ᠎ᠠ ᠶᠢᠨ 2 ᠤᠨ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠠᠩ ᠴᠢᠩ ᠬᠤᠰᠢᠭᠤᠨ ᠤ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠪᠠᠢ ᠴᠦᠨ ᠮᠧᠶ᠂ ᠸᠠᠩ ᠰᠢᠶᠣᠣ ᠹᠧᠢ᠂ ᠵᠧᠦ ᠬᠠᠢ ᠯᠢᠩ᠂ ᠱᠧᠨ ᠭᠦᠸᠧ ᠴᠧᠨ᠂ ᠢᠦᠢ ᠵᠥᠩ ᠯᠧᠢ᠂ ᠬᠠᠨ ᠶᠦᠩ ᠯᠢ ᠬᠤᠷᠠᠯ ᠳᠤ ᠣᠷᠣᠯᠴᠠᠪᠠ︔ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃
4.3第四次常委会.jpg
      ᠬᠤᠷᠠᠯ ᠠᠴᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠵᠣᠷᠢᠭ ᠰᠠᠨᠠᠭ᠎ᠠ᠂ ︽ᠬᠥᠯᠥᠨ ᠪᠤᠶᠢᠷ ᠬᠤᠳᠠ ᠶᠢᠨ ︿ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠴᠠᠩ ᠴᠢᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠡᠨᠧᠷᠭᠢ ᠶᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠧᠷᠭᠢ ᠶᠢᠨ ᠪᠦᠲᠦᠴᠡ ᠪᠠ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯᠲᠠ ᠶᠢ ᠴᠠᠭ ᠲᠤᠬᠠᠢ ᠳᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠬᠢᠯᠭᠠᠨ ᠵᠡᠷᠭᠡ ᠰᠢᠨ᠎ᠡ ᠡᠨᠧᠷᠭᠢ ᠶᠢᠨ ᠨᠡᠭᠡᠭᠡᠨ ᠠᠰᠢᠭᠯᠠᠯᠲᠠ ᠶᠢ ᠶᠡᠬᠡᠪᠡᠷ ᠠᠬᠢᠭᠤᠯᠵᠤ᠂ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠷᠢᠭᠤᠨ ᠴᠡᠪᠡᠷ᠂ ᠳᠣᠣᠷ᠎ᠠ ᠨᠡᠭᠦᠷᠡᠰᠦᠲᠦ᠋ᠷᠦᠭᠴᠢᠲᠦ᠂ ᠠᠮᠤᠷ ᠲᠦᠪᠰᠢᠨ᠂ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠭᠦᠯᠬᠦ ᠰᠢᠨ᠎ᠡ ᠠᠷᠭ᠎ᠠ ᠵᠠᠮ ᠢ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃       ᠴᠠᠩ ᠴᠢᠩ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠭᠤᠷᠪᠠᠨ ᠬᠠᠮᠢᠶᠠᠷᠬᠤ ᠭᠤᠷᠪᠠᠨ ᠡᠷᠬᠡᠪᠰᠢ︾ ᠪᠠᠶᠢᠬᠤ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠢ ᠱᠠᠭᠠᠷᠳᠠᠨ ᠪᠠᠷᠢᠮᠵᠢᠶ᠎ᠠ ᠶᠢ ᠪᠣᠯᠪᠠᠰᠤᠷᠠᠩᠭᠤᠢ ᠡᠵᠡᠮᠰᠢᠬᠦ ᠶᠢ ᠬᠦᠲᠦᠯᠦᠨ ᠵᠢᠯᠤᠭᠤᠳᠴᠤ ᠂ ᠠᠵᠤ ᠠᠬᠤᠶᠢᠯᠠᠯ ᠤᠨ ᠠᠳᠡᠯ ᠤᠨ ᠮᠡᠳᠡᠭᠡ ᠵᠠᠩᠭᠢ ᠶᠢ ᠮᠡᠳᠡᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠱᠠᠯᠠᠪᠳᠠᠭᠤᠯᠬᠤ ᠬᠡᠷᠡᠭᠲᠡᠢ᠃ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢᠶᠠᠷ ᠭᠤᠣᠯᠯᠠᠭᠤᠯᠵᠤ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠵᠢᠯ ᠤᠨ ᠪᠠᠭᠤᠷᠠᠢ ᠲᠠᠯ᠎ᠠ ᠳᠤᠲᠠᠭᠲᠠᠯ ᠲᠠᠢ ᠲᠠᠯ᠎ᠠ ᠶᠢ ᠨᠥᠬᠦᠪᠦᠷᠢᠯᠡᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ  ᠢ ᠪᠠᠲᠤ ᠰᠠᠬᠢᠬᠤ ᠬᠡᠷᠡᠭᠲᠡᠢ᠃ ᠮᠠᠨ ᠤ ᠬᠤᠰᠢᠭᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠲᠠᠢ ᠵᠣᠯᠭᠠᠭᠤᠯᠤᠨ ᠬᠠᠷᠢᠭᠤ ᠮᠡᠳᠡᠭᠦᠯᠦᠯᠲᠡ ᠬᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠰᠠᠶᠢᠲᠤᠷ ᠪᠦᠭᠡᠳ ᠭᠦᠢᠴᠡᠳ ᠬᠡᠷᠡᠭᠯᠡᠵᠦ᠂ ᠳᠡᠭᠡᠳᠦ ᠱᠠᠲᠤᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠠᠨ ᠤ ᠬᠤᠰᠢᠭᠤᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ